ᠳᠤᠮᠳᠠᠳᠤ ᠠᠮᠧᠷᠢᠺᠠ ᠬᠤᠶᠠᠷ ᠤᠯᠤᠰ ᠤᠨ ᠤᠳᠤᠷᠢᠳᠬᠤ ᠬᠥᠮᠥᠨ ᠬᠠᠷᠢᠯᠴᠠᠨ ᠪᠠᠶᠠᠷ ᠤᠨ ᠵᠠᠬᠢᠳᠠᠯ ᠢᠯᠡᠭᠡᠵᠦ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠣᠶ ᠶᠢ ᠪᠡᠯᠭᠡᠯᠡᠪᠡ
ᠨᠡᠶᠢᠲᠡᠯᠡᠭᠰᠡᠨ ᠴᠠᠭ᠄
2024/1/5
 ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 1 ᠤ ᠴᠠᠭᠢᠯᠭᠠᠨ ᠮᠡᠳᠡᠭᠡ︶ 1 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠬᠠᠷᠢᠯᠴᠠᠨ ᠪᠠᠶᠠᠷ ᠤᠨ ᠵᠠᠬᠢᠳᠠᠯ ᠢᠯᠡᠭᠡᠵᠦ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠳᠤ ᠪᠠᠶᠠᠷ ᠬᠦᠷᠭᠡᠪᠡ᠃    ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠳᠤᠮᠳᠠᠳᠤ ᠠᠮᠧᠷᠢᠺᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠶᠠᠪᠤᠳᠠᠯ ᠪᠣᠯ ᠬᠤᠶᠠᠷ ᠤᠯᠤᠰ ᠤᠨ ᠬᠠᠷᠢᠯᠴᠠᠭᠠᠨ ᠤ ᠲᠡᠦᠬᠡ ᠪᠣᠯᠣᠨ ᠤᠯᠠᠨ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠲᠣᠮᠣ ᠬᠡᠷᠡᠭ ᠶᠠᠪᠤᠳᠠᠯ ᠪᠣᠯᠣᠨ᠎ᠠ᠃ 45 ᠵᠢᠯ ᠤᠨ ᠲᠤᠷᠰᠢ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠰᠠᠯᠬᠢ ᠪᠣᠷᠣᠭᠠᠨ ᠢ ᠥᠩᠭᠡᠷᠡᠭᠦᠯᠵᠦ᠂ ᠶᠡᠷᠦᠩᠬᠡᠢ ᠳᠡᠭᠡᠨ ᠤᠷᠤᠭᠰᠢ ᠬᠥᠭᠵᠢᠵᠦ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠭᠰᠡᠨ ᠪᠥᠭᠡᠳ ᠪᠠᠰᠠ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠭᠰᠠᠨ ᠪᠠᠶᠢᠨ᠎ᠠ᠃ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠬᠤ ᠪᠣᠯ ᠳᠤᠮᠳᠠᠳᠤ ᠠᠮᠧᠷᠢᠺᠠ ᠬᠤᠶᠠᠷ ᠲᠣᠮᠣ ᠤᠯᠤᠰ ᠤᠨ ᠵᠥᠪ ᠬᠠᠷᠢᠯᠴᠠᠬᠤ ᠵᠠᠮ ᠮᠥᠨ᠂ ᠰᠢᠨ᠎ᠡ ᠴᠠᠭ ᠦᠶ᠎ᠡ ᠳᠠᠬᠢ ᠳᠤᠮᠳᠠᠳᠤ ᠠᠮᠧᠷᠢᠺᠠ ᠬᠤᠶᠠᠷ ᠲᠠᠯ᠎ᠠ ᠶᠢᠨ ᠬᠠᠮᠲᠤ ᠪᠠᠷ ᠴᠢᠷᠮᠠᠶᠢᠬᠤ ᠴᠢᠭᠯᠡᠯ ᠪᠤᠯᠬᠤ ᠶᠣᠰᠣᠲᠠᠢ ᠭᠡᠳᠡᠭ ᠢ ᠲᠡᠦᠬᠡ ᠨᠢᠭᠡᠨᠲᠡ ᠭᠦᠢᠴᠡᠳ ᠭᠡᠷᠡᠴᠢᠯᠡᠭᠰᠡᠨ ᠪᠥᠭᠡᠳ ᠦᠷᠭᠦᠯᠵᠢᠯᠡᠨ ᠭᠦᠢᠴᠡᠳ ᠭᠡᠷᠡᠴᠢᠯᠡᠬᠦ ᠪᠣᠯᠣᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠪᠢ ᠶᠡᠷᠦᠩᠬᠡᠶᠢᠯᠡᠭᠴᠢ ᠪᠠᠶᠢᠳᠧᠨ ᠲᠠᠢ ᠰᠠᠨ ᠹᠷᠠᠨᠰᠢᠰᠺᠤ ᠳᠤ ᠠᠭᠤᠯᠵᠠᠯᠲᠠ ᠬᠢᠵᠦ᠂ ᠢᠷᠡᠭᠡᠳᠦᠢ ᠳᠤ ᠬᠠᠨᠳᠤᠭᠰᠠᠨ ︽ᠰᠠᠨ ᠹᠷᠠᠨᠰᠢᠰᠺᠤ ᠶᠢᠨ ᠠᠯᠤᠰ ᠤᠨ ᠲᠥᠯᠥᠪ︾ ᠢ ᠨᠡᠭᠡᠭᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠣᠯᠣᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠪᠠᠶᠢᠳᠧᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠦᠷᠭᠦᠯᠵᠢᠯᠡᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠵᠠᠯᠠᠭᠤᠷ ᠢ ᠡᠵᠡᠮᠳᠡᠨ ᠵᠠᠮᠴᠢᠯᠠᠵᠤ᠂ ᠳᠤᠮᠳᠠᠳᠤ ᠠᠮᠧᠷᠢᠺᠠ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ ᠦᠢᠯᠡᠰ ᠢ ᠠᠬᠢᠭᠤᠯᠤᠨ᠎ᠠ ᠭᠡᠵᠦ ᠴᠢᠬᠤᠯᠠᠴᠢᠯᠠᠪᠠ᠃    ᠪᠠᠶᠢᠳᠧᠨ ᠪᠠᠶᠠᠷ ᠤᠨ ᠵᠠᠬᠢᠳᠠᠯ ᠳᠠᠭᠠᠨ᠂ 1979 ᠣᠨ ᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠠᠮᠧᠷᠢᠺᠠ ᠳᠤᠮᠳᠠᠳᠤ ᠶᠢᠨ ᠬᠤᠭᠤᠷᠣᠨᠳᠣᠭᠢ ᠬᠠᠷᠢᠯᠴᠠᠭ᠎ᠠ ᠨᠢ ᠠᠮᠧᠷᠢᠺᠠ᠂ ᠳᠤᠮᠳᠠᠳᠤ ᠤᠯᠤᠰ ᠪᠣᠯᠣᠨ ᠪᠦᠭᠦ ᠳᠡᠯᠡᠬᠡᠢ ᠶᠢᠨ ᠬᠥᠭᠵᠢᠯ ᠪᠠᠳᠠᠷᠠᠯ ᠪᠠ ᠠᠵᠠ ᠲᠣᠭᠢᠶᠠᠯ ᠢ ᠠᠬᠢᠭᠤᠯᠵᠠᠢ᠃ ᠪᠢ ᠡᠨᠡ ᠬᠦ ᠴᠢᠬᠤᠯᠠ ᠬᠠᠷᠢᠯᠴᠠᠭ᠎ᠠ ᠶᠢ ᠬᠠᠷᠢᠭᠤᠴᠠᠯᠭ᠎ᠠ ᠲᠠᠢ ᠪᠠᠷ ᠬᠠᠮᠢᠶᠠᠷᠬᠤ ᠪᠠᠷ ᠬᠦᠴᠦᠯᠡᠨ ᠴᠢᠷᠮᠠᠶᠢᠨ᠎ᠠ᠃ ᠪᠢᠳᠡᠨ ᠤ ᠤᠷᠢᠳᠤᠬᠢ ᠬᠥᠮᠥᠰ ᠵᠢᠴᠢ ᠪᠢᠳᠡᠨ ᠤ ᠤᠯᠠᠨ ᠤᠳᠠᠭ᠎ᠠ ᠶᠢᠨ ᠠᠭᠤᠯᠵᠠᠯᠲᠠ ᠪᠣᠯᠣᠨ ᠶᠠᠷᠢᠯᠴᠠᠭ᠎ᠠ ᠠᠬᠢᠴᠠ ᠲᠠᠢ ᠪᠣᠯᠤᠭᠰᠠᠨ ᠰᠠᠭᠤᠷᠢᠨ ᠳᠡᠭᠡᠷ᠎ᠡ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠦᠷᠭᠦᠯᠵᠢᠯᠡᠨ ᠠᠬᠢᠭᠤᠯᠬᠤ ᠶᠢ ᠪᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号