ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠶᠠᠪᠤᠭᠤᠯᠪᠠ ᠰᠢ ᠶᠢᠨ ᠫᠢᠩ ᠵᠠᠷᠯᠢᠭ ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ ᠳᠤ ᠳᠡᠪᠰᠢᠭᠰᠡᠨ ᠣᠹᠢᠼᠧᠷ ᠲᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2024/1/5
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 25 ᠤ ᠴᠠᠬᠢᠯᠭᠠᠨ ᠮᠡᠳᠡᠭ᠊᠎ᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 25 ᠤ ᠡᠳᠦᠷ ᠪᠡᠭᠡᠵᠢᠩ ᠤᠨ ᠪᠠ ᠢ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃
   12 ᠰᠠᠷ᠎ᠠ ᠶᠢᠨ 25 ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ᠪᠠ ᠢ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃ ᠵᠢᠷᠤᠭ ᠪᠣᠯ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ᠃    ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ ᠳᠡᠪᠰᠢᠭᠦᠯᠬᠦ ᠶᠣᠰᠣᠯᠠᠯ ᠢ ᠡᠷᠬᠢᠯᠡᠪᠡ᠃    ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ᠄ ᠡᠮᠦᠨᠡᠳᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠺᠣᠮᠢᠰᠰᠠᠷ ᠸᠠᠩ ᠸᠧᠨ ᠴᠢᠤᠸᠠᠨ᠂ ᠳᠠᠯᠠᠢ ᠶᠢᠨ ᠴᠡᠷᠢᠭ ᠤᠨ ᠰᠧᠯᠢᠩ ᠬᠤ᠋ ᠵᠥᠩ ᠮᠢᠩ ᠪᠣᠯᠣᠨ᠎ᠠ᠃    ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠴᠤᠭ ᠵᠣᠯᠢ ᠪᠠᠳᠠᠷᠠᠩᠭᠤᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠤᠨ ᠬᠥᠷᠪᠡ᠃ ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ᠂ ᠶᠣᠰᠣᠯᠠᠯ ᠳᠤ ᠣᠷᠣᠯᠴᠠᠭᠰᠠᠨ ᠪᠥᠬᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃    ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠬᠦᠴᠦᠲᠡᠢ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃ ᠳᠠᠷᠠᠭ᠎ᠠ ᠨᠢ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ᠃    ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠤ ᠬᠤᠸᠠ᠂ ᠵᠠᠩ ᠱᠧᠩ ᠮᠢᠨ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号