ᠰᠢ ᠶᠢᠨ ᠫᠢᠩ ᠭᠠᠨᠰᠦ ᠶᠢᠨ ᠯᠢᠨᠰᠢᠶᠠ ᠵᠸᠦ ᠶᠢᠨ ᠵᠢᠢ ᠱᠢ ᠱᠠᠨ ᠰᠢᠶᠠᠨ ᠳᠤ 6.2 ᠳᠡᠰ ᠤᠨ ᠭᠠᠵᠠᠷ ᠬᠦᠳᠡᠯᠦᠭᠰᠡᠨ ᠲᠤᠬᠠᠢ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ ᠡᠷᠢᠵᠦ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠦᠨ ᠭᠠᠮᠰᠢᠭᠳᠠᠭᠰᠠᠨ ᠣᠯᠠᠨ ᠲᠦᠮᠡᠨ ᠢ ᠳᠣᠬᠢᠲᠠᠢ ᠲᠦᠪᠬᠢᠨᠡᠭᠦᠯᠵᠦ ᠬᠠᠮᠤᠭ ᠴᠢᠳᠠᠯ ᠢᠶᠠᠷ ᠢᠶᠠᠨ ᠠᠷᠠᠳ ᠣᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2024/1/5
     ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 19 ᠤ ᠴᠠᠬᠢᠯᠭᠠᠨ ᠮᠡᠳᠡᠭᠡ ᠪᠡᠭᠡᠵᠢᠩ ᠤᠨ ᠴᠠᠭ ᠤᠨ 12 ᠰᠠᠷ᠎ᠠ ᠶᠢᠨ 18 ᠤ ᠡᠳᠦᠷ ᠤᠨ 23 ᠴᠠᠭ 59 ᠮᠢᠨᠦ᠋ᠲ ᠲᠤ᠂ ᠭᠠᠨᠰᠤ ᠶᠢᠨ ᠯᠢᠨᠰᠢᠶᠠ ᠵᠸᠦ ᠶᠢᠨ ᠵᠢᠢ ᠱᠢ ᠱᠠᠨ ᠰᠢᠶᠠᠨ ᠳᠤ 6.2 ᠳᠡᠰ ᠤᠨ ᠭᠠᠵᠠᠷ ᠬᠦᠳᠡᠯᠵᠦ᠂ ᠬᠦᠳᠡᠯᠦᠯᠲᠡ ᠶᠢᠨ ᠭᠤᠯᠤᠮᠲᠠ ᠶᠢᠨ ᠭᠦᠨ ᠤ ᠬᠡᠮᠵᠢᠶ᠎ᠡ ᠨᠢ 10 ᠺᠢᠯᠤᠮᠧᠳ᠋ᠷ ᠪᠠᠶᠢᠨ᠎ᠠ᠃ ᠣᠳᠣᠬᠠᠨ ᠪᠣᠯᠲᠠᠯ᠎ᠠ᠂ ᠭᠠᠵᠠᠷ ᠬᠦᠳᠡᠯᠦᠭᠰᠡᠨ ᠠᠴᠠ ᠪᠣᠯᠵᠤ ᠭᠠᠨᠰᠤ ᠳᠤ 100 ᠬᠦᠮᠦᠨ ᠠᠳᠡᠵᠦ᠂ ᠬᠥᠬᠡᠨᠠᠭᠤᠷ ᠲᠤ 11 ᠬᠦᠮᠦᠨ ᠠᠳᠡᠵᠦ᠂ ᠤᠰᠤ᠂ ᠴᠠᠬᠢᠯᠭᠠᠨ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠵᠡᠷᠭᠡ ᠬᠡᠰᠡᠭ ᠰᠠᠭᠤᠷᠢ ᠲᠥᠬᠦᠭᠡᠷᠦᠮᠵᠢ ᠡᠪᠳᠡᠭᠳᠡᠭᠰᠡᠨ ᠪᠠᠶᠢᠨ᠎ᠠ᠃    ᠭᠠᠵᠠᠷ ᠬᠥᠳᠡᠯᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠴᠢᠬᠤᠯᠠ ᠵᠢᠭᠠᠪᠤᠷᠢ ᠥᠭᠴᠦ᠂ ᠭᠠᠨᠰᠤ ᠮᠤᠵᠢ ᠶᠢᠨ ᠯᠢᠨᠰᠢᠶᠠ ᠵᠸᠦ ᠶᠢᠨ ᠵᠢᠢ ᠱᠢ ᠱᠠᠨ ᠰᠢᠶᠠᠨ ᠳᠤ 6.2 ᠳᠡᠰ ᠤᠨ ᠭᠠᠵᠠᠷ ᠬᠦᠳᠡᠯᠵᠦ ᠣᠯᠠᠨ ᠬᠦᠮᠦᠨ ᠠᠳᠡᠵᠦ ᠰᠢᠷᠠᠭᠳᠤᠭᠰᠠᠨ ᠬᠦᠨᠳᠦ ᠶᠡᠭᠡ ᠠᠳᠡᠯ ᠭᠠᠷᠪᠠ᠂ ᠡᠷᠢᠵᠦ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠬᠢᠵᠦ᠂ ᠬᠦᠮᠦᠨ ᠤ ᠦᠬᠦᠯ ᠰᠢᠷᠠᠭᠳᠤᠯ ᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠭᠠᠮᠰᠢᠭᠳᠠᠭᠰᠠᠨ ᠣᠷᠣᠨ ᠳᠠᠯᠠᠢ ᠶᠢᠨ ᠲᠦᠪᠰᠢᠨ ᠠᠴᠠ ᠦᠨᠳᠦᠷ ᠡᠷᠭᠦᠭᠳᠡᠭᠰᠡᠨ ᠣᠷᠣᠨ ᠪᠦᠰᠡ ᠳᠤ ᠪᠠᠶᠢᠷᠢᠯᠠᠵᠤ᠂ ᠴᠠᠭ ᠠᠭᠤᠷ ᠬᠠᠬᠢᠷ ᠬᠦᠢᠲᠡᠨ᠂ ᠭᠠᠵᠠᠷ ᠬᠦᠳᠡᠯᠦᠭᠰᠡᠨ ᠪᠠᠶᠢᠳᠠᠯ ᠪᠣᠯᠣᠨ ᠴᠠᠭ ᠠᠭᠤᠷ ᠤᠨ ᠬᠤᠪᠢᠷᠠᠯᠲᠠ ᠶᠢ ᠨᠢᠭᠲᠠ ᠬᠢᠨᠡᠨ ᠬᠡᠮᠵᠢᠵᠦ᠂ ᠳᠠᠭᠠᠯᠳᠤᠵᠤ ᠡᠭᠦᠰᠴᠦ ᠮᠡᠳᠡᠬᠦ ᠭᠠᠮᠰᠢᠭ ᠢ ᠰᠡᠷᠭᠡᠶᠢᠯᠡᠬᠦ ᠬᠡᠷᠡᠭᠲᠡᠢ᠃ ᠠᠶᠤᠯ ᠠᠴᠠ ᠠᠪᠤᠷᠠᠨ ᠲᠤᠰᠠᠯᠠᠬᠤ ᠡᠳ᠋ ᠪᠤᠳᠠᠰ ᠢ ᠦᠦᠳᠡᠷ ᠲᠦᠷᠭᠡᠨ ᠵᠣᠬᠢᠶᠠᠨ ᠪᠠᠶᠢᠭᠤᠯᠵᠤ ᠰᠢᠯᠵᠢᠭᠦᠯᠦᠨ ᠥᠭᠴᠦ᠂ ᠡᠪᠳᠡᠭᠳᠡᠭᠰᠡᠨ ᠴᠠᠬᠢᠯᠭᠠᠨ ᠬᠦᠴᠦ᠂ ᠴᠢᠮᠡᠭᠡ ᠬᠤᠯᠪᠤᠭ᠎ᠠ᠂ ᠵᠠᠮ ᠬᠠᠷᠢᠯᠴᠠᠭ᠎ᠠ᠂ ᠳᠤᠯᠠᠭᠠᠯᠠᠭ᠎ᠠ ᠬᠠᠩᠭᠠᠬᠤ ᠵᠡᠷᠭᠡ ᠰᠠᠭᠤᠷᠢ ᠳᠦᠬᠦᠭᠡᠷᠦᠮᠵᠢ ᠶᠢ ᠱᠠᠯᠠᠪᠳᠠᠭᠤᠯᠤᠨ ᠵᠠᠰᠠᠵᠤ᠂ ᠭᠠᠮᠰᠢᠭᠳᠠᠭᠰᠠᠨ ᠣᠯᠠᠨ ᠲᠦᠮᠡᠨ ᠢ ᠳᠣᠬᠢᠲᠠᠢ ᠲᠥᠪᠬᠢᠨᠡᠭᠦᠯᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢᠨ ᠬᠠᠮᠲᠤ ᠠᠳᠡᠭᠰᠡᠳ ᠤᠨ ᠭᠡᠷ ᠪᠦᠯᠢ ᠶᠢᠨ ᠬᠢᠨ ᠢ ᠳᠣᠬᠤᠨᠢᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠵᠢᠯᠯᠠᠬᠤ ᠳᠤᠭᠤᠶᠢᠯᠠᠩ ᠲᠣᠮᠢᠯᠠᠨ ᠭᠠᠮᠰᠢᠭᠳᠠᠭᠰᠠᠨ ᠣᠷᠣᠨ ᠳᠤ ᠣᠴᠢᠭᠤᠯᠵᠤ ᠭᠠᠵᠠᠷ ᠬᠦᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠵᠢᠯᠤᠭᠤᠳᠴᠤ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠢᠨ ᠣᠷᠣᠨ ᠨᠤᠲᠤᠭ ᠲᠠᠢ ᠢᠳᠡᠪᠬᠢᠲᠡᠢ ᠬᠠᠮᠵᠢᠯᠴᠠᠨ ᠠᠶᠤᠯ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠵᠦ᠂ ᠬᠠᠮᠤᠭ ᠴᠢᠳᠠᠯ ᠢᠶᠠᠷ ᠢᠶᠠᠨ ᠠᠷᠠᠳ ᠣᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠳᠠᠷᠤᠭᠳᠠᠭᠰᠠᠨ ᠬᠦᠮᠦᠰ ᠢ ᠡᠷᠢᠵᠦ ᠠᠪᠤᠷᠠᠬᠤ ᠶᠢᠨ ᠬᠠᠮᠲᠤ ᠰᠢᠷᠠᠭᠳᠤᠭᠰᠠᠳ ᠢ ᠠᠪᠤᠷᠠᠨ ᠵᠠᠰᠠᠵᠤ᠂ ᠬᠠᠮᠤᠭ ᠴᠢᠳᠠᠯ ᠢᠶᠠᠷ ᠢᠶᠠᠨ ᠦᠬᠦᠯ ᠰᠢᠷᠠᠭᠳᠤᠯ ᠢ ᠪᠠᠭᠠᠰᠬᠠᠬᠤ ᠬᠡᠷᠡᠭᠲᠡᠢ᠃ ᠥᠨᠥ ᠶᠠᠭ ᠡᠪᠦᠯ ᠤᠨ ᠤᠯᠠᠷᠢᠯ ᠪᠣᠯᠬᠤᠷ ᠭᠠᠮᠰᠢᠭ ᠤᠨ ᠪᠠᠶᠢᠳᠠᠯ ᠢ ᠱᠠᠯᠠᠪᠳᠠᠨ ᠬᠢᠨᠠᠨ ᠬᠠᠷᠭᠤᠭᠤᠯᠵᠤ᠂ ᠡᠪᠳᠡᠭᠳᠡᠭᠰᠡᠨ ᠰᠠᠭᠤᠷᠢ ᠲᠦᠭᠦᠭᠡᠷᠦᠮᠵᠢ ᠶᠢ ᠠᠯᠢ ᠲᠦᠷᠭᠡᠨ ᠢᠶᠠᠷ ᠱᠠᠯᠠᠪᠳᠠᠭᠤᠯᠤᠨ ᠵᠠᠰᠠᠵᠤ᠂ ᠭᠠᠮᠰᠢᠭᠳᠠᠭᠰᠠᠨ ᠣᠯᠠᠨ ᠲᠦᠮᠡᠨ ᠢ ᠰᠢᠯᠵᠢᠭᠦᠯᠦᠨ ᠲᠥᠪᠬᠢᠨᠡᠭᠦᠯᠬᠦ ᠠᠵᠢᠯ ᠢ ᠳᠣᠬᠢᠲᠠᠢ ᠰᠠᠶᠢᠲᠤᠷ ᠬᠢᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠭᠠᠮᠰᠢᠭᠳᠠᠭᠰᠠᠨ ᠣᠷᠣᠨ ᠤ ᠨᠡᠶᠢᠭᠡᠮ ᠤᠨ ᠳᠣᠭᠲᠠᠭᠤᠨ ᠢ ᠬᠠᠮᠠᠭᠠᠯᠠᠬᠤ ᠬᠡᠷᠡᠭᠲᠡᠢ᠃ ᠭᠠᠵᠠᠷ ᠬᠦᠳᠡᠯᠦᠯᠲᠡ ᠶᠢᠨ ᠪᠠᠶᠢᠳᠠᠯ ᠢ ᠬᠢᠨᠡᠨ ᠬᠡᠮᠵᠢᠬᠦ ᠪᠠᠨ ᠴᠢᠩᠭᠠᠳᠬᠠᠵᠤ ᠂ ᠡᠯ᠎ᠡ ᠵᠦᠢᠯ ᠤᠨ ᠳᠠᠭᠠᠯᠳᠤᠵᠤ ᠡᠭᠦᠰᠴᠦ ᠮᠡᠳᠡᠬᠦ ᠭᠠᠮᠰᠢᠭ ᠢ ᠰᠡᠷᠭᠡᠶᠢᠯᠡᠵᠦ᠂ ᠣᠯᠠᠨ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠰᠢ ᠶᠢᠨ ᠫᠢᠩ ᠤᠨ ᠵᠢᠭᠠᠪᠤᠷᠢ ᠪᠠ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠭᠠᠮᠰᠢᠭᠳᠠᠭᠰᠠᠨ ᠣᠷᠣᠨ ᠳᠤ ᠣᠴᠢᠭᠤᠯᠵᠤ ᠠᠪᠤᠷᠠᠨ ᠲᠤᠰᠠᠯᠠᠵᠤ ᠰᠢᠢᠳᠪᠦᠷᠢᠯᠡᠬᠦ ᠵᠡᠷᠭᠡ ᠠᠵᠢᠯ ᠢ ᠵᠢᠯᠤᠭᠤᠳᠴᠤ ᠪᠠᠶᠢᠨ᠎ᠠ᠃ ᠭᠠᠨᠰᠤ᠂ ᠬᠥᠬᠡᠨᠠᠭᠤᠷ ᠨᠢᠭᠡᠨᠲᠠ ᠬᠦᠴᠦᠨ ᠢᠶᠠᠨ ᠵᠣᠬᠢᠶᠠᠨ ᠪᠠᠶᠢᠭᠤᠯᠵᠤ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ ᠣᠳᠣᠬᠠᠨ ᠳᠤ ᠭᠠᠵᠠᠷ ᠬᠦᠳᠡᠯᠦᠯᠲᠡ ᠲᠠᠢ ᠲᠡᠮᠡᠴᠡᠵᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠶᠠᠭ ᠪᠠᠴᠢᠮ ᠶᠠᠭᠠᠷᠠᠯᠲᠠᠢ ᠡᠮᠬᠢ ᠲᠢᠭᠯᠢᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号