ᠰᠢ ᠶᠢᠨ ᠫᠢᠩ ᠯᠢ ᠵᠢᠶᠠ ᠴᠤᠤ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/1/5
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 18 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 18 ᠤ ᠦᠳᠡ ᠶᠢᠨ ᠬᠤᠶᠢᠨ᠎ᠠ ᠵᠦᠩ ᠨᠠᠨ ᠬᠠᠢ ᠶᠢᠨ ᠶᠢᠩᠲ᠋ᠠᠢ ᠳᠤ ᠪᠡᠭᠡᠵᠢᠩ ᠳᠤ ᠲᠤᠰᠢᠶᠠᠯ ᠤᠨ ᠮᠡᠳᠡᠭᠦᠯᠦᠯᠲᠡ ᠬᠢᠬᠦ ᠪᠠᠷ ᠢᠷᠡᠭᠰᠡᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠵᠤ᠂ ᠲᠡᠭᠦᠨ ᠤ ᠰᠢᠶᠠᠩᠭᠠᠩ ᠤᠨ ᠣᠳᠣᠬᠠᠨ ᠤ ᠪᠠᠶᠢᠳᠠᠯ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃
   ᠰᠢ ᠶᠢᠨ ᠫᠢᠩ᠂ ᠨᠢᠭᠡ ᠵᠢᠯ ᠤᠨ ᠲᠤᠷᠰᠢ᠂ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠢ ᠳᠠᠭᠠᠭᠤᠯᠤᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠠᠵᠢᠯᠯᠠᠨ ᠦᠷ᠎ᠡ ᠪᠦᠲᠦᠮᠵᠢ ᠭᠠᠷᠭᠠᠵᠤ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠰᠢᠶᠠᠩᠭᠠᠩ ᠣᠷᠣᠨ ᠤ ᠵᠥᠪᠯᠡᠯᠭᠡᠨ ᠤ ᠬᠤᠷᠠᠯ ᠤᠨ ᠳᠦᠷᠢᠮ ᠢ ᠲᠠᠭᠢᠨ ᠴᠣᠭᠴᠠᠯᠠᠵᠤ᠂ ᠤᠨᠴᠠᠭᠠᠢ ᠵᠠᠰᠠᠭ ᠵᠠᠬᠢᠷᠭᠠᠨ ᠤ ᠣᠷᠣᠨ ᠤ ᠵᠥᠪᠯᠡᠯᠭᠡᠨ ᠤ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢ ᠤᠷᠤᠭᠰᠢᠲᠠᠢ ᠶᠠᠪᠤᠭᠳᠠᠭᠤᠯᠵᠤ᠂ ᠰᠢᠶᠠᠩᠭᠠᠩ ᠤᠨ ᠬᠢᠵᠢᠭ ᠤᠨ ᠪᠠᠶᠢᠳᠠᠯ ᠠᠴᠠ ᠮᠤᠯᠲᠤᠷᠠᠨ ᠭᠠᠷᠴᠤ᠂ ᠪᠦᠬᠦᠯᠢ ᠴᠣᠭᠴᠠ ᠶᠢᠨ ᠴᠢᠨᠠᠷᠲᠠᠢ ᠰᠡᠷᠭᠦᠯᠲᠡ ᠶᠢ ᠠᠬᠢᠭᠤᠯᠵᠤ᠂ ᠰᠢᠶᠠᠩᠭᠠᠩ ᠤᠨ ᠥᠪᠡᠷᠮᠢᠴᠡ ᠤᠨᠴᠠᠭᠠᠢ ᠪᠠᠶᠢᠷᠢ ᠰᠠᠭᠤᠷᠢ ᠪᠠ ᠳᠠᠪᠠᠭᠤᠯᠢᠭ ᠢ ᠪᠠᠲᠤᠯᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠰᠠᠮᠠᠭᠤᠷᠠᠯ ᠠᠴᠠ ᠵᠠᠰᠠᠯᠲᠠ ᠳᠤ ᠭᠦᠷᠦᠭᠰᠡᠨ ᠪᠠᠶᠢᠳᠠᠯ ᠢ ᠪᠠᠬᠢᠵᠢᠭᠦᠯᠵᠦ᠂ ᠰᠢᠶᠠᠩᠭᠠᠩ ᠤᠨ ᠵᠠᠰᠠᠯᠲᠠ ᠠᠴᠠ ᠮᠠᠨᠳᠤᠯᠳᠠ ᠲᠡᠶᠢᠰᠢ ᠤᠷᠤᠭᠰᠢᠯᠠᠬᠤ ᠶᠢ ᠠᠬᠢᠭᠤᠯᠪᠠ᠃ ᠲᠥᠪ ᠠᠴᠠ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠪᠣᠯᠣᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠢ ᠭᠦᠢᠴᠡᠳ ᠨᠤᠲᠠᠯᠠᠵᠤ ᠪᠠᠶᠢᠨ᠎ᠠ ᠭᠡᠵᠦ ᠢᠯᠡᠳᠬᠡᠪᠡ᠃
  ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠲᠥᠪ ᠠᠴᠠ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠦᠭᠦ ᠲᠠᠯ᠎ᠠ ᠪᠠᠷ ᠵᠥᠪ ᠤᠨᠤᠪᠴᠢᠳᠠᠢ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾ ᠵᠠᠷᠴᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠪᠠ ᠤᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠬᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠦᠯᠬᠦᠮᠳᠡᠭᠦᠯᠦᠨ ᠳᠠᠭᠠᠭᠤᠯᠵᠤ᠂ ᠤᠯᠤᠰ ᠣᠷᠣᠨ ᠤ ᠬᠥᠭᠵᠢᠯᠲᠡ ᠶᠢᠨ ᠠᠪᠴᠢᠷᠠᠭᠰᠠᠨ ᠲᠡᠦᠬᠡᠨ ᠠᠵᠠ ᠲᠣᠭᠢᠶᠠᠯ ᠢ ᠠᠮᠵᠢᠬᠤ᠂ ᠰᠢᠶᠠᠩᠭᠠᠩ ᠤᠨ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ᠂ ᠤᠰᠤᠨ ᠵᠠᠮ ᠤᠨ ᠲᠡᠭᠡᠭᠡᠪᠦᠷᠢ ᠶᠢᠨ ᠲᠥᠪ᠂ ᠠᠷᠠᠯᠵᠢᠶᠠᠨ ᠤ ᠲᠥᠪ ᠪᠤᠯᠬᠤ ᠪᠠᠶᠢᠷᠢ ᠰᠠᠭᠤᠷᠢ ᠪᠠᠨ ᠪᠠᠬᠢᠵᠢᠭᠦᠯᠦᠨ ᠳᠡᠭᠡᠭᠰᠢᠯᠡᠭᠦᠯᠭᠦ᠂ ᠰᠢᠶᠠᠩᠭᠠᠩ ᠤᠨ ᠨᠡᠩ ᠰᠠᠶᠢᠨ ᠬᠥᠭᠵᠢᠯᠲᠡ ᠪᠠᠨ ᠪᠡᠶᠡᠯᠡᠭᠦᠯᠬᠦ ᠶᠢ ᠠᠬᠢᠭᠤᠯᠬᠤ ᠶᠢ ᠪᠦᠭᠦ ᠬᠦᠴᠦ ᠪᠠᠷ ᠢᠶᠠᠨ ᠳᠡᠮᠵᠢᠨ᠎ᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢᠨ ᠠᠮᠢᠵᠢᠷᠠᠯ ᠤᠨ ᠬᠦᠴᠦᠨ ᠪᠠ ᠳᠠᠪᠠᠭᠤᠯᠢᠭ ᠴᠢᠨᠠᠷ ᠯᠠᠪᠲᠠᠢ ᠲᠠᠰᠤᠷᠠᠯᠳᠠ ᠦᠭᠡᠢ ᠢᠯᠡᠷᠡᠬᠦ ᠪᠣᠯᠣᠨ᠎ᠠ᠂ ᠪᠢᠳᠡ ᠰᠢᠶᠠᠩᠭᠠᠩ ᠤᠨ ᠭᠡᠭᠡᠨ ᠰᠠᠷᠠᠭᠤᠯ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ︕ ᠭᠡᠵᠦ ᠴᠢᠬᠤᠯᠠᠴᠢᠯᠠᠪᠠ᠃    ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠱᠢ ᠲᠠᠢ ᠹᠧᠩ᠂ ᠴᠧᠨ ᠸᠧᠨ ᠴᠢᠩ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号