ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠠᠵᠢᠯ ᠤᠨ ᠠᠬᠢᠴᠠ ᠶᠢᠨ ᠲᠤᠬᠠᠢ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2024/1/5
     ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 18 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 18 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠠᠵᠢᠯ ᠤᠨ ᠠᠬᠢᠴᠠ ᠶᠢᠨ ᠲᠤᠬᠠᠢ ᠮᠡᠳᠡᠭᠦᠯᠦᠯᠲᠡ ᠶᠢ ᠰᠣᠨᠣᠰᠴᠤ᠂ ︽ᠡᠪᠡᠳᠴᠢᠨ ᠢ ᠰᠡᠷᠭᠡᠶᠢᠯᠡᠨ ᠬᠤᠷᠢᠭᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠶᠠᠷᠢᠯᠴᠠᠨ ᠪᠠᠲᠤᠯᠠᠵᠤ᠂ ︽ᠨᠡᠭᠦᠷᠡᠰᠦᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠳᠦᠷᠢᠮ ︵ᠲᠥᠰᠥᠯ︶︾ ᠵᠡᠷᠭᠡ ᠬᠠᠤᠯᠢ ᠲᠣᠭᠲᠠᠭᠠᠯ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠳᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠪᠣᠯ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠶᠢ ᠰᠢᠯᠤᠭᠤᠳᠬᠠᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠮᠥᠨ ᠴᠦ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠰᠤᠯᠠᠯᠠᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠶᠢ ᠪᠠᠬᠢᠵᠢᠭᠦᠯᠬᠦ ᠴᠢᠬᠤᠯᠠ ᠭᠠᠷᠳᠠᠴᠠ ᠪᠣᠯᠣᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠥᠮᠴᠢᠯᠡᠯ ᠤᠨ ᠡᠷᠬᠡ ᠶᠢ ᠬᠠᠮᠠᠭᠠᠯᠠᠬᠤ ᠪᠠ ᠠᠷᠠᠯᠵᠢᠶᠠᠯᠠᠬᠤ᠂ ᠳ᠋ᠠᠶᠢᠲ᠋ᠠ ᠶᠢᠨ ᠮᠡᠳᠡᠭᠡ᠂ ᠨᠡᠶᠢᠭᠡᠮ ᠤᠨ ᠢᠲᠡᠭᠡᠮᠵᠢ ᠵᠡᠷᠭᠡ ᠲᠠᠯ᠎ᠠ ᠶᠢᠨ ᠰᠠᠭᠤᠷᠢ ᠴᠢᠨᠠᠷᠲᠠᠢ ᠳᠦᠷᠢᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ᠂ ᠲᠤᠭ᠎ᠠ ᠪᠦᠷᠢᠳᠬᠡᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠰᠦᠪᠡᠭᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠠᠰᠢᠭᠲᠠᠢ ᠡᠯ᠎ᠡ ᠵᠦᠢᠯ ᠤᠨ ᠳᠦᠷᠢᠮ ᠲᠣᠭᠲᠠᠭᠠᠯ ᠢ ᠲᠣᠭᠲᠠᠭᠠᠬᠤ ᠬᠡᠷᠡᠭᠲᠡᠢ᠃ ᠵᠠᠬ᠎ᠠ ᠳᠡᠯᠭᠡᠭᠦᠷ ᠢ ᠬᠡᠰᠡᠭᠯᠡᠨ ᠨᠠᠷᠢᠯᠢᠭᠵᠢᠭᠤᠯᠬᠤ᠂ ᠣᠷᠣᠨ ᠨᠤᠲᠤᠭ ᠢ ᠬᠠᠮᠠᠭᠠᠯᠠᠬᠤ ᠵᠡᠷᠭᠡ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠡᠷᠴᠢᠮ ᠢ ᠴᠢᠩᠭᠠᠷᠠᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠠᠰᠢᠭ ᠦᠭᠡᠢ ᠡᠯ᠎ᠡ ᠵᠦᠢᠯ ᠤᠨ ᠰᠠᠭᠠᠳ ᠢ ᠠᠷᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠳᠤ᠂ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠣᠭᠲᠠᠯᠴᠠᠭ᠎ᠠ ᠪᠣᠯ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ᠂ ᠨᠡᠶᠢᠲᠡ ᠶᠢᠨ ᠡᠷᠡᠭᠦᠯ ᠬᠠᠮᠠᠭᠠᠯᠠᠯ ᠠᠮᠤᠷ ᠲᠦᠪᠰᠢᠨ ᠢ ᠪᠠᠲᠤᠯᠠᠬᠤ᠂ ᠠᠵᠤ ᠠᠬᠤᠢ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ ᠭᠡᠵᠦ ᠵᠢᠭᠠᠵᠤ ᠭᠠᠷᠭᠠᠪᠠ᠃ ᠬᠤᠷᠠᠯ ᠳᠤ ︽ᠡᠪᠡᠳᠴᠢᠨ ᠢ ᠰᠡᠷᠭᠡᠶᠢᠯᠡᠨ ᠬᠤᠷᠢᠭᠯᠠᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠬᠢᠨᠠᠨ ᠵᠥᠪᠯᠡᠵᠦ ᠪᠠᠲᠤᠯᠠᠭᠠᠳ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠢ ᠪᠠᠷᠢᠮᠲᠠᠯᠠᠵᠤ᠂ ᠡᠪᠡᠳᠴᠢᠨ ᠢ ᠰᠡᠷᠭᠡᠶᠢᠯᠡᠨ ᠬᠤᠷᠢᠭᠯᠠᠬᠤ ᠦᠢᠯᠡᠰ ᠤᠨ ᠬᠥᠭᠵᠢᠯᠲᠡ᠂ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠣᠭᠲᠠᠯᠴᠠᠭ᠎ᠠ ᠶᠢ ᠰᠢᠰᠲ᠋ᠧᠮ ᠲᠠᠢ ᠲᠠᠬᠢᠨ ᠪᠠᠶᠢᠭᠤᠯᠬᠤ᠂ ᠡᠪᠡᠳᠴᠢᠨ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠶᠡᠷᠦᠩᠬᠡᠶᠢᠯᠡᠨ ᠲᠥᠪᠯᠡᠵᠦ᠂ ᠤᠯᠤᠰ ᠤᠨ ᠪᠦᠬᠦᠯᠢ ᠴᠣᠭᠴᠠ ᠶᠢᠨ ᠪᠠᠶᠢᠯᠳᠤᠬᠤ ᠪᠣᠳᠣᠯᠭ᠎ᠠ ᠳᠠᠬᠢ ᠡᠪᠡᠳᠴᠢᠨ ᠢ ᠰᠡᠷᠭᠡᠶᠢᠯᠡᠨ ᠬᠤᠷᠢᠭᠯᠠᠬᠤ ᠦᠢᠯᠡᠰ ᠤᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠭᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠠᠪᠤᠷᠠᠨ ᠵᠠᠰᠠᠬᠤ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠰ ᠱᠠᠲᠤ ᠬᠤᠪᠢᠶᠠᠵᠤ ᠰᠠᠯᠭᠠᠨ ᠠᠪᠤᠷᠠᠨ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠣᠳᠣᠬᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ︽ᠨᠡᠭᠦᠷᠡᠰᠦᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠳᠦᠷᠢᠮ ︵ᠲᠥᠰᠥᠯ︶︾ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠥᠯ︶︾ ᠪᠠ ︽︿ᠣᠽᠣᠨ ᠳᠠᠪᠬᠤᠷᠭ᠎ᠠ ᠶᠢ ᠬᠤᠷᠣᠭᠳᠠᠭᠤᠯᠬᠤ ᠪᠣᠳᠠᠰ ᠤᠨ ᠬᠠᠮᠢᠶᠠᠷᠤᠯᠲᠠ ᠶᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠦᠷᠤ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠲᠥᠰᠥᠯ︶︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠭᠦᠨᠵᠡᠭᠡᠢ ᠵᠣᠬᠢᠶᠠᠨ ᠪᠠᠶᠢᠭᠤᠯᠵᠤ᠂ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠦᠨᠡᠨ ᠬᠦ ᠰᠠᠶᠢᠲᠤᠷ ᠠᠳᠬᠤᠵᠤ᠂ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠬᠠᠤᠯᠢ ᠲᠣᠭᠲᠠᠭᠠᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠳᠤ᠂ ᠣᠶᠢᠷ᠎ᠠ ᠳᠤ ᠪᠦᠬᠦ ᠤᠯᠤᠰ ᠤᠨ ᠣᠯᠠᠨ ᠭᠠᠵᠠᠷ ᠲᠤ ᠰᠢᠷᠦᠭᠦᠨ ᠪᠣᠷᠣᠭᠠᠨ ᠶᠡᠭᠡ ᠴᠠᠰᠤ ᠬᠦᠴᠦᠲᠡᠢ ᠬᠦᠢᠲᠡᠨ ᠤᠷᠤᠰᠬᠠᠯ ᠢᠯᠡᠷᠡᠭᠰᠡᠨ ᠠᠴᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠡᠯᠢᠶᠡᠳ ᠶᠡᠭᠡ ᠨᠥᠯᠥᠭᠡᠯᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠡᠵᠢᠶ᠎ᠡ ᠴᠦ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠰᠠᠶᠢᠲᠤᠷ ᠰᠡᠷᠭᠡᠶᠢᠯᠡᠨ ᠠᠷᠭᠠᠴᠠᠭᠠᠵᠤ ᠰᠢᠢᠳᠪᠦᠷᠢᠯᠡᠨ᠂ ᠴᠠᠭ ᠠᠭᠤᠷ ᠤᠨ ᠮᠡᠳᠡᠭᠡ ᠶᠢ ᠬᠢᠨᠠᠨ ᠰᠢᠨᠵᠢᠵᠦ ᠰᠤᠳᠤᠯᠤᠨ ᠮᠠᠭᠠᠳᠯᠠᠬᠤ ᠪᠠᠨ ᠦᠨᠡᠨ ᠬᠦ ᠴᠢᠩᠭᠠᠳᠬᠠᠵᠤ᠂ ᠵᠠᠮ ᠬᠠᠷᠢᠯᠴᠠᠭ᠎ᠠ᠂ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢᠨ ᠳᠠᠯᠳᠠ ᠭᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠨᠧᠷᠭᠢ ᠶᠢ ᠪᠠᠲᠤᠯᠠᠬᠤ ᠪᠠ ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠳᠠᠬᠢ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ ᠶᠢ ᠴᠢᠩᠭᠠᠳᠬᠠᠵᠤ᠂ ᠠᠷᠠᠳ ᠤᠯᠠᠨ ᠤ ᠳᠤᠯᠠᠭᠠᠨ ᠪᠦᠯᠢᠶᠡᠨ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠳᠡᠭᠡᠷ᠎ᠡ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号