︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠬᠤᠷᠢᠳᠤᠭᠠᠷ ᠬᠤᠭᠤᠴᠠᠭᠠᠨ ᠤ ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2024/1/5
     ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 15 ᠤ ᠴᠠᠭᠢᠯᠭᠠᠨ ᠮᠡᠳᠡᠭᠡ 12 ᠰᠠᠷ᠎ᠠ ᠶᠢᠨ 16 ᠤ ᠡᠳᠦᠷ ᠬᠡᠪᠯᠡᠭᠳᠡᠭᠰᠡᠨ 24 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠬᠤᠷᠢᠳᠤᠭᠠᠷ ᠬᠤᠭᠤᠴᠠᠭᠠᠨ ᠤ ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠳᠡᠭᠡᠷᠡᠬᠢ ᠶᠠᠷᠢᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃    ᠵᠣᠬᠢᠶᠠᠯ ᠳᠤ᠂ ᠪᠠᠶᠢᠭᠤᠯᠤᠮᠵᠢ ᠶᠢᠨ ᠣᠷᠣᠨ ᠲᠤᠭ᠎ᠠ ᠪᠣᠯ ᠴᠢᠬᠤᠯᠠ ᠤᠯᠤᠰ ᠲᠥᠷᠥ ᠶᠢᠨ ᠡᠬᠢ ᠪᠠᠶᠠᠯᠢᠭ᠂ ᠲᠥᠷᠥ ᠪᠠᠷᠢᠬᠤ ᠡᠬᠢ ᠪᠠᠶᠠᠯᠢᠭ ᠮᠥᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠪᠣᠯ ᠨᠠᠮ ᠤᠨ ᠤᠷᠲᠤ ᠬᠤᠭᠤᠴᠠᠭᠠᠨ ᠤ ᠲᠥᠷᠥ ᠪᠠᠷᠢᠬᠤ ᠴᠢᠳᠠᠪᠤᠷᠢ ᠪᠣᠯᠣᠨ ᠲᠥᠷᠥ ᠶᠢᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠵᠢᠯ ᠮᠥᠨ ᠪᠠᠶᠢᠵᠤ᠂ ᠮᠠᠨ ᠤ ᠨᠠᠮ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠶ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠲᠥᠪ ᠤᠨ ᠣᠷᠣᠨ ᠲᠤᠭ᠎ᠠ ᠶᠢᠨ ᠬᠤᠷᠢᠶ᠎ᠠ ᠡᠭᠦᠷᠭᠡ ᠴᠢᠳᠠᠪᠬᠢ ᠪᠠᠨ ᠭᠦᠢᠴᠡᠳ ᠭᠦᠢᠴᠡᠳᠬᠡᠵᠦ᠂ ᠠᠵᠢᠯ ᠨᠢ ᠬᠦᠴᠦᠲᠡᠢ᠂ ᠪᠦᠲᠦᠮᠵᠢᠲᠡᠢ ᠪᠠᠶᠢᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠡᠷᠬᠡ ᠰᠦᠷᠲᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠥᠪ ᠴᠢᠩᠭ᠎ᠠ ᠴᠢᠨᠠᠷ ᠲᠠᠰᠤᠷᠠᠯᠲᠠ ᠦᠭᠡᠢ ᠴᠢᠩᠭᠠᠷᠠᠪᠠ᠃ ᠠᠵᠢᠯ ᠤᠨ ᠳᠤᠮᠳᠠ ᠪᠠᠨ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠤ᠂ ᠵᠢᠮ᠎ᠡ ᠶᠣᠰᠣᠴᠢ ᠴᠢᠨᠠᠷ ᠲᠠᠢ ᠲᠠᠨᠢᠯᠲᠠ ᠶᠢ ᠪᠦᠷᠢᠯᠳᠦᠭᠦᠯᠪᠡ᠂ ᠡᠨᠡ ᠨᠢ ᠳᠠᠷᠤᠢ ᠡᠷᠬᠡᠪᠰᠢ ᠨᠠᠮ ᠤᠨ ᠲᠥᠪ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠤᠯᠭᠠᠬᠤ ᠶᠢ ᠪᠠᠷᠢᠮᠲᠠᠯᠠᠵᠤ᠂ ᠡᠷᠬᠡᠪᠰᠢ ᠠᠷᠠᠳ ᠲᠦᠮᠡᠨ ᠢᠶᠠᠷ ᠭᠤᠣᠯ ᠪᠤᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠡᠷᠬᠡᠪᠰᠢ ᠰᠢᠯᠢᠳᠡᠭᠵᠢᠭᠦᠯᠬᠦ ᠬᠠᠮᠵᠢᠯᠴᠠᠬᠤ ᠥᠨᠳᠥᠷ ᠪᠦᠲᠦᠮᠵᠢᠲᠡᠢ ᠪᠠᠶᠢᠬᠤ ᠵᠠᠷᠴᠢᠮ ᠢ ᠪᠠᠷᠢᠮᠲᠠᠯᠠᠵᠤ᠂ ᠡᠷᠬᠡᠪᠰᠢ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠡᠷᠬᠡᠪᠰᠢ ︽ᠮᠠᠷᠢᠶ᠎ᠠ ᠰᠢᠭᠤᠷᠠᠭᠤᠯᠬᠤ︾ ᠪᠠ ︽ᠪᠡᠶ᠎ᠡ ᠴᠢᠭᠢᠷᠠᠭᠵᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠷᠬᠡᠪᠰᠢ ᠲᠥᠪ ᠪᠠ ᠣᠷᠣᠨ ᠨᠤᠲᠤᠭ ᠬᠤᠶᠠᠷ ᠲᠠᠯ᠎ᠠ ᠶᠢᠨ ᠢᠳᠡᠪᠬᠢᠵᠢᠯ ᠢ ᠪᠠᠳᠠᠷᠠᠭᠤᠯᠬᠤ ᠶᠢ ᠪᠠᠷᠢᠮᠲᠠᠯᠠᠵᠤ᠂ ᠡᠷᠬᠡᠪᠰᠢ ᠪᠠᠶᠢᠭᠤᠯᠤᠮᠵᠢ ᠶᠢᠨ ᠣᠷᠣᠨ ᠲᠤᠭ᠎ᠠ ᠶᠢ ᠬᠠᠤᠯᠢᠵᠢᠭᠤᠯᠬᠤ ᠶᠢ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ᠃ ᠡᠳᠡᠭᠡᠷ ᠲᠤᠷᠰᠢᠯᠭ᠎ᠠ ᠶᠢ ᠤᠷᠳᠦ ᠬᠤᠭᠤᠴᠠᠭ᠎ᠠ ᠪᠠᠷ ᠪᠠᠷᠢᠮᠲᠠᠯᠠᠬᠤ ᠶᠢᠨ ᠵᠡᠷᠭᠡ ᠪᠠᠷ ᠦᠢᠯᠡᠳᠦᠯᠭᠡ ᠶᠢᠨ ᠳᠤᠮᠳᠠ ᠲᠡᠰᠦᠷᠡᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠵᠣᠬᠢᠶᠠᠯ ᠳᠤ᠂ ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠨᠢ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠠᠮ ᠤᠨ ᠲᠦᠷᠦ ᠪᠠᠷᠢᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠤᠢ᠃ ᠠᠵᠢᠯ ᠤᠨ ᠳᠤᠮᠳᠠ ᠪᠠᠨ 3 ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠡᠵᠡᠮᠳᠡᠬᠦ ᠬᠡᠷᠡᠭᠲᠡᠢ᠂ ᠨᠢᠭᠡ ᠳᠤ᠂ ᠨᠠᠮ ᠤᠨ ᠲᠥᠪ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠬᠤᠶᠠᠷ ᠲᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠰᠢᠨ᠎ᠡ ᠴᠠᠭ ᠦᠶ᠎ᠡ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠭᠤᠣᠯ ᠰᠡᠳᠦᠪ ᠭᠤᠣᠯ ᠱᠤᠭᠤᠮ ᠪᠤᠯᠭᠠᠬᠤ ᠶᠢ ᠪᠠᠷᠢᠮᠲᠠᠯᠠᠬᠤ ᠬᠡᠷᠡᠭᠲᠡᠢ᠂ ᠭᠤᠷᠪᠠ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠤᠭ᠎ᠠ ᠵᠣᠬᠢᠴᠠᠭᠰᠠᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠪᠣᠯᠣᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠶᠢ ᠰᠢᠨ᠎ᠡ ᠴᠠᠭ ᠦᠶ᠎ᠡ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠭᠤᠣᠯ ᠡᠭᠦᠷᠭᠡ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠰᠠᠶᠢᠲᠤᠷ ᠬᠢᠬᠦ ᠳᠤ᠂ ᠳᠣᠣᠷᠠᠬᠢ ᠬᠡᠳᠦᠨ ᠠᠰᠠᠭᠤᠳᠠᠯ ᠢ ᠠᠩᠬᠠᠷᠬᠤ ᠬᠡᠷᠡᠭᠲᠡᠢ᠄ ᠨᠢᠭᠡᠳᠦᠭᠡᠷ ᠲᠤ᠂ ᠦᠵᠦ ᠲᠥᠯᠥᠪᠯᠡᠭᠡ ᠪᠣᠯᠣᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠴᠢᠩᠭᠠᠳᠬᠠᠬᠤ ᠭᠡᠷᠡᠭᠲᠡᠢ︔ ᠬᠤᠶᠠᠳᠤᠭᠠᠷ ᠲᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠭᠤᠣᠯᠳᠠᠯᠭ᠎ᠠ ᠲᠠᠢ ᠠᠵᠢᠯ ᠳᠤ ᠦᠢᠯᠡᠴᠢᠯᠡᠵᠦ ᠪᠠᠲᠤᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠭᠡᠷᠡᠭᠳᠠᠢ︔ ᠭᠤᠷᠪᠠᠳᠤᠭᠠᠷ ᠲᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠢᠯᠡ ᠲᠣᠳᠣ ᠦᠨᠳᠦᠰᠦᠨ ᠱᠠᠲᠤᠨ ᠤ ᠤᠳᠤᠷᠢᠳᠤᠮᠵᠢ ᠶᠢ ᠪᠤᠢ ᠪᠤᠯᠭᠠᠬᠤ ᠭᠡᠷᠡᠭᠳᠠᠢ︔ ᠳᠥᠷᠪᠡᠳᠦᠭᠡᠷ ᠲᠤ᠂ ᠰᠢᠨᠵᠢᠯᠡᠬᠦ ᠤᠬᠠᠭᠠᠨᠴᠢ ᠵᠢᠷᠤᠮᠵᠢᠩᠭᠤᠢ ᠴᠢᠩᠭ᠎ᠠ ᠬᠠᠮᠢᠶᠠᠷᠤᠯᠲᠠ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠳᠠᠪᠬᠤᠷᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠲᠥᠪ ᠤᠨ ᠳᠠᠪᠬᠤᠷᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠵᠡᠷᠭᠡ ᠪᠠᠷ ᠰᠠᠶᠢᠲᠤᠷ ᠬᠢᠬᠦ ᠬᠡᠷᠡᠭᠲᠡᠢ᠃ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠥᠪ ᠤᠨ ᠳᠠᠪᠬᠤᠷᠭ᠎ᠠ ᠶᠢᠨ ᠥᠭᠡᠷᠡᠴᠢᠯᠡᠯᠲᠡ ᠯᠦᠭᠡ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠵᠤ᠂ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠳᠤ ᠡᠷᠬᠡᠪᠰᠢ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠪᠠᠷ ᠬᠠᠮᠠᠭᠠᠯᠠᠬᠤ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠳᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠡᠯ᠎ᠡ ᠱᠠᠲᠤᠨ ᠤ ᠣᠷᠣᠨ ᠲᠤᠭ᠎ᠠ ᠶᠢᠨ ᠠᠯᠪᠠᠨ ᠭᠡᠷ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠣᠷᠣᠨ ᠲᠤᠭ᠎ᠠ ᠶᠢᠨ ᠬᠤᠷᠢᠶ᠎ᠠ ᠶᠢᠨ ᠰᠠᠶᠢᠨ ᠵᠥᠪᠯᠡᠭᠴᠢ ᠲᠤᠰᠠᠯᠠᠭᠴᠢ ᠪᠤᠯᠬᠤ ᠬᠡᠷᠡᠭᠲᠡᠢ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠢᠭᠡᠨ ᠰᠠᠯᠠᠭ᠎ᠠ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠢᠰᠲ᠋ᠧᠮ ᠢᠶᠠᠷ ᠢᠶᠠᠨ ᠬᠠᠮᠢᠶᠠᠷᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠠᠴᠠ ᠪᠠᠶᠢᠭᠤᠯᠤᠮᠵᠢ ᠶᠢᠨ ᠣᠷᠣᠨ ᠲᠤᠭ᠎ᠠ ᠶᠢ ᠬᠠᠮᠢᠶᠠᠷᠬᠤ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号