ᠳᠤᠮᠳᠠᠳᠤ ᠰᠣᠯᠣᠩᠭᠤᠰ ᠤᠨ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠨ ᠬᠠᠷᠢᠯᠴᠠᠨ ᠰᠢᠨ᠎ᠡ ᠵᠢᠯ ᠤᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ ︽ᠳᠤᠮᠳᠠᠳᠤ ᠰᠣᠯᠣᠩᠭᠤᠰ ᠤᠨ ᠨᠥᠬᠦᠷᠯᠡᠯ ᠤᠨ ᠣᠨ︾ ᠢ ᠡᠬᠢᠯᠡᠭᠦᠯᠬᠦ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2024/1/5
     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 1 ᠤ ᠴᠠᠭᠢᠯᠭᠠᠨ ᠮᠡᠳᠡᠭᠡ 1 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠶᠡᠷᠦᠩᠬᠡᠢ ᠱᠦᠵᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠷᠢᠶᠠᠨ ᠳᠠᠷᠤᠭ᠎ᠠ ᠶᠢᠨ ᠵᠧᠩ ᠧᠨ ᠬᠠᠷᠢᠯᠴᠠᠨ ᠰᠢᠨ᠎ᠡ ᠵᠢᠯ ᠤᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ 2024 ᠣᠨ ᠢ ︽ᠳᠤᠮᠳᠠᠳᠤ ᠰᠣᠯᠣᠩᠭᠤᠰ ᠤᠨ ᠨᠥᠬᠦᠷᠯᠡᠯ ᠤᠨ ᠣᠨ︾ ᠢᠶᠠᠷ ᠲᠣᠭᠲᠠᠭᠠᠭᠰᠠᠨ ᠪᠥᠭᠡᠳ ᠰᠢᠷᠢᠰ ᠠᠵᠢᠯᠯᠠᠭ᠎ᠠ ᠪᠠᠨ ᠡᠬᠢᠯᠡᠭᠦᠯᠦᠨ᠎ᠡ ᠭᠡᠵᠦ ᠬᠠᠮᠲᠤ ᠪᠠᠷ ᠵᠠᠷᠯᠠᠪᠠ᠃    ᠰᠢ ᠶᠢᠨ ᠫᠢᠩ᠂ ᠳᠤᠮᠳᠠᠳᠤ ᠰᠣᠯᠣᠩᠭᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠥᠭᠦᠷᠰᠡᠭ ᠬᠥᠷᠰᠢ ᠤᠯᠤᠰ ᠮᠥᠨ᠃ ᠳᠤᠮᠳᠠᠳᠤ ᠰᠣᠯᠣᠩᠭᠤᠰ ᠤᠨ ᠨᠥᠬᠦᠷᠯᠡᠯ ᠢ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠡᠶ᠎ᠡ ᠪᠠᠷ ᠢᠶᠠᠨ ᠴᠣᠭᠴᠠᠯᠠᠨ ᠪᠠᠶᠢᠭᠤᠯᠵᠤ᠂ ᠴᠢᠰᠤᠲᠤ ᠲᠡᠮᠡᠴᠡᠯ ᠳᠤᠮᠳᠠ ᠬᠠᠲᠠᠭᠤᠵᠢᠨ ᠪᠣᠯᠪᠠᠰᠤᠷᠠᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠦᠷᠭᠦᠯᠵᠢᠯᠡᠨ ᠭᠦᠨᠵᠡᠭᠡᠶᠢᠷᠡᠪᠡ᠃ ᠣᠶᠢᠷ᠎ᠠ ᠶᠢᠨ ᠵᠢᠯ ᠠᠴᠠ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠰᠢᠨ᠎ᠡ ᠲᠡᠦᠬᠡᠨ ᠴᠠᠭ ᠦᠶ᠎ᠡ ᠳᠤ ᠣᠷᠣᠪᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠶᠢᠨ ᠤᠯᠠᠨ ᠲᠠᠯ᠎ᠠ ᠶᠢᠨ ᠬᠡᠷᠡᠭ ᠶᠠᠪᠤᠳᠠᠯ ᠳᠤᠮᠳᠠ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠠᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠶᠢᠨ ᠰᠢᠨ᠎ᠡ ᠪᠠᠶᠢᠳᠠᠯ ᠳᠣᠣᠷ᠎ᠠ᠂ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠰᠣᠯᠣᠩᠭᠤᠰ ᠤᠨ ᠬᠠᠷᠢᠯᠴᠠᠭ᠎ᠠ ᠳᠤ ᠬᠠᠨᠳᠤᠵᠤ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠰᠠᠶᠢᠲᠤᠷ ᠬᠠᠮᠠᠭᠠᠯᠠᠵᠤ᠂ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠬᠦ ᠪᠣᠯ ᠪᠢᠳᠡᠨ ᠤ ᠡᠷᠡᠰ ᠭᠤᠶᠢᠪᠢᠰᠢ ᠦᠭᠡᠢ ᠴᠢᠭᠯᠡᠯᠲᠡ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠰᠣᠯᠣᠩᠭᠤᠰ ᠤᠨ ᠬᠢᠨ ᠲᠠᠢ ᠬᠠᠮᠲᠤ ᠪᠠᠷ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠰᠣᠯᠣᠩᠭᠤᠰ ᠤᠨ ᠨᠥᠬᠦᠷᠯᠡᠯ ᠤᠨ ᠣᠨ︾ ᠢᠶᠠᠷ ᠠᠵᠠ ᠲᠣᠭᠢᠶᠠᠯ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠨᠡᠮᠡᠭᠳᠡᠭᠦᠯᠵᠦ᠂ ᠳᠤᠮᠳᠠᠳᠤ ᠰᠣᠯᠣᠩᠭᠤᠰ ᠤᠨ ᠬᠠᠷᠢᠯᠴᠠᠭ᠎ᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠳᠤᠮᠳᠠᠳᠤ ᠰᠣᠯᠣᠩᠭᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃     ᠶᠢᠨ ᠵᠧᠩ ᠧᠨ ᠪᠠᠶᠠᠷ ᠤᠨ ᠴᠠᠭᠢᠯᠭᠠᠨ ᠴᠢᠮᠡᠭᠡ ᠳᠡᠭᠡᠨ᠂ 2024 ᠣᠨ ᠪᠣᠯ ᠰᠣᠯᠣᠩᠭᠤᠰ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ᠂ ᠴᠢᠬᠤᠯᠠ ᠠᠴᠢ ᠬᠤᠯᠪᠣᠭᠳᠠᠯ ᠲᠠᠢ ᠶᠤᠮ᠃ ᠣᠳᠣᠬᠠᠨ ᠳᠤ ᠰᠣᠯᠣᠩᠭᠤᠰ ᠳᠤᠮᠳᠠᠳᠤ ᠬᠤᠶᠠᠷ ᠤᠯᠤᠰ ᠤᠨ ᠲᠤᠰ ᠲᠤᠰ ᠤᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠳᠡᠯᠡᠬᠡᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠬᠤᠪᠢᠷᠠᠯᠲᠠ ᠭᠠᠷᠴᠤ ᠪᠠᠶᠢᠨ᠎ᠠ᠃ ᠰᠣᠯᠣᠩᠭᠤᠰ ᠳᠤᠮᠳᠠᠳᠤ ᠶᠢᠨ ᠬᠤᠶᠠᠷ ᠨᠠᠮ ᠪᠣᠯᠣᠨ ᠬᠤᠶᠠᠷ ᠤᠯᠤᠰ ᠤᠨ ᠵᠠᠰᠠᠭ ᠤᠨ ᠣᠷᠳᠣᠨ 2024 ᠣᠨ ᠢ ︽ᠰᠣᠯᠣᠩᠭᠤᠰ ᠳᠤᠮᠳᠠᠳᠤ ᠶᠢᠨ ᠨᠥᠬᠦᠷᠯᠡᠯ ᠤᠨ ᠣᠨ︾ ᠢᠶᠠᠷ ᠲᠣᠭᠲᠠᠭᠠᠵᠤ᠂ ᠴᠠᠭ ᠦᠶ᠎ᠡ ᠶᠢᠨ ᠱᠠᠭᠠᠷᠳᠠᠯᠭ᠎ᠠ ᠶᠢ ᠦᠨᠳᠦᠰᠦᠯᠡᠨ ᠰᠣᠯᠣᠩᠭᠤᠰ ᠳᠤᠮᠳᠠᠳᠤ ᠶᠢᠨ ᠤᠯᠠᠮᠵᠢᠯᠠᠯᠲᠤ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠴᠢᠨᠠᠭᠰᠢᠳᠠ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠪᠠᠷᠠᠯᠠᠯ ᠪᠠ ᠬᠦᠰᠡᠯ ᠡᠷᠡᠮᠡᠯᠵᠡᠯ ᠳᠤ ᠨᠡᠶᠢᠴᠡᠨ᠎ᠡ᠃ ᠰᠣᠯᠣᠩᠭᠤᠰ ᠳᠤᠮᠳᠠᠳᠤ ᠶᠢᠨ ᠨᠥᠬᠦᠷᠯᠡᠯ ᠪᠣᠯ ᠨᠡᠶᠢᠭᠡᠮ ᠵᠢᠷᠤᠮ ᠤᠨ ᠲᠡᠮᠡᠴᠡᠯ ᠤᠨ ᠳᠤᠮᠳᠠ ᠪᠠᠶᠢᠭᠤᠯᠤᠭᠳᠠᠭᠰᠠᠨ ᠪᠥᠭᠡᠳ ᠪᠠᠬᠢᠵᠢᠨ ᠬᠥᠭᠵᠢᠭᠰᠡᠨ ᠶᠤᠮ᠃ ᠰᠢᠨ᠎ᠡ ᠨᠢᠭᠡᠨ ᠵᠢᠯ ᠳᠤ᠂ ᠰᠣᠯᠣᠩᠭᠤᠰ ᠳᠤᠮᠳᠠᠳᠤ ᠶᠢᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠪᠠᠶᠢᠳᠠᠯ ᠨᠡᠩ ᠢᠯᠡᠷᠬᠡᠢ ᠪᠣᠯᠣᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ ᠰᠣᠯᠣᠩᠭᠤᠰ ᠳᠤᠮᠳᠠᠳᠤ ᠶᠢᠨ ᠬᠤᠶᠠᠷ ᠨᠠᠮ ᠪᠣᠯᠣᠨ ᠬᠤᠶᠠᠷ ᠤᠯᠤᠰ ᠤᠨ ᠵᠠᠰᠠᠭ ᠤᠨ ᠣᠷᠳᠣᠨ ︽ᠰᠣᠯᠣᠩᠭᠤᠰ ᠳᠤᠮᠳᠠᠳᠤ ᠶᠢᠨ ᠨᠥᠬᠦᠷᠯᠡᠯ ᠤᠨ ᠣᠨ︾ ᠤ ᠠᠵᠢᠯᠯᠠᠭ᠎ᠠ ᠶᠢ ᠡᠷᠭᠢᠯᠡᠭᠦ ᠪᠠᠷ ᠳᠠᠮᠵᠢᠭᠤᠯᠵᠤ᠂ ᠤᠯᠤᠰ ᠲᠦᠷᠦ᠂ ᠠᠵᠤ ᠠᠬᠤᠢ᠂ ᠰᠣᠶᠣᠯ ᠵᠡᠷᠭᠡ ᠡᠯ᠎ᠡ ᠬᠦᠷᠢᠶᠡᠨ ᠤ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠨᠥᠭᠦᠷᠰᠡᠭ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠪᠦᠯᠬᠦᠮᠳᠡᠯ ᠤᠨ ᠬᠤᠯᠪᠣᠭᠠᠰᠤ ᠪᠠᠨ ᠴᠢᠩᠭᠠᠯᠠᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠬᠠᠮᠲᠤ ᠶᠢᠨ ᠲᠡᠮᠡᠴᠡᠯ ᠳᠤᠮᠳᠠ ᠬᠠᠮᠵᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠰᠣᠯᠣᠩᠭᠤᠰ ᠳᠤᠮᠳᠠᠳᠤ ᠶᠢᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠶ᠎ᠡ ᠭᠡᠵᠦ ᠢᠯᠡᠳᠬᠡᠪᠡ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号