ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠴᠢᠬᠤᠯᠠ ᠵᠢᠭᠠᠪᠤᠷᠢ ᠥᠭᠴᠡᠢ
ᠨᠡᠶᠢᠲᠡᠯᠡᠭᠰᠡᠨ ᠴᠠᠭ᠄
2024/1/5
     ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 20 ᠤ ᠴᠠᠭᠢᠯᠭᠠᠨ ᠮᠡᠳᠡᠭᠡ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ 19 ᠠᠴᠠ 20 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠥᠷᠢᠰᠦᠯᠳᠦᠭᠡᠨ ᠢ ᠵᠠᠳᠠᠯᠵᠤ᠂ 2024 ᠣᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠪᠠᠶᠢᠷᠢᠯᠠᠭᠤᠯᠪᠠ᠃    ᠨᠠᠮ ᠤᠨ ᠲᠥᠪ ᠬᠤᠷᠢᠶ᠎ᠠ ᠡᠨᠡ ᠤᠳᠠᠭ᠎ᠠ ᠶᠢᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠡᠨᠡ ᠤᠳᠠᠭ᠎ᠠ ᠶᠢᠨ ᠬᠤᠷᠠᠯ ᠢ ᠰᠠᠶᠢᠲᠤᠷ ᠬᠤᠷᠠᠯᠳᠤᠭᠤᠯᠬᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃    ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠴᠢᠬᠤᠯᠠ ᠵᠢᠭᠠᠪᠤᠷᠢ ᠥᠭᠴᠡᠢ᠃ ᠰᠢ ᠶᠢᠨ ᠫᠢᠩ᠂ 2023 ᠣᠨ ᠳᠤ᠂ ᠪᠢᠳᠡ ᠨᠡᠯᠢᠶᠡᠳ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠵᠡᠷᠭᠡ ᠠᠯᠢ ᠣᠯᠠᠨ ᠠᠰᠢᠭ ᠦᠭᠡᠢ ᠨᠥᠯᠥᠭᠡ ᠶᠢ ᠢᠯᠡᠨ ᠳᠠᠪᠠᠵᠤ᠂ ᠠᠮᠤ ᠪᠤᠳᠠᠭᠠᠨ ᠤ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠲᠠᠷᠢᠶᠠᠴᠢᠳ ᠤᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠵᠦ᠂ ᠬᠥᠳᠡᠭᠡ ᠲᠣᠰᠬᠤᠨ ᠤ ᠨᠡᠶᠢᠭᠡᠮ ᠡᠶ᠎ᠡ ᠵᠣᠬᠢᠴᠠᠩᠭᠤᠢ ᠲᠣᠭᠲᠠᠭᠤᠨ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠠᠵᠤ ᠠᠬᠤᠢ ᠶᠢᠨ ᠰᠠᠭᠤᠷᠢ ᠶᠢ ᠴᠥᠬᠦᠷᠡᠰᠢ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠣᠨᠢᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠰᠢᠨ᠎ᠡ ᠴᠠᠭ ᠦᠶ᠎ᠡ ᠰᠢᠨ᠎ᠡ ᠠᠶᠠᠨ ᠳᠠᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠤᠯᠭᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠨ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠦᠨ ᠢᠶᠠᠨ ᠲᠥᠪᠯᠡᠷᠡᠭᠦᠯᠦᠨ ᠣᠯᠠᠨ ᠲᠦᠮᠡᠨ ᠳᠤ ᠮᠡᠳᠡᠭᠳᠡᠲᠡᠯ᠎ᠡ ᠣᠯᠵᠤ ᠬᠠᠷᠠᠭᠳᠠᠬᠤ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠮᠠᠯ ᠤᠨ ᠲᠠᠯᠠᠪᠠᠢ ᠶᠢ ᠲᠣᠭᠲᠠᠭᠤᠨ ᠪᠠᠶᠢᠯᠭᠠᠬᠤ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠬᠤ ᠬᠡᠷᠡᠭᠲᠡᠢ᠃ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠥ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢ ᠵᠡᠷᠭᠡ ᠪᠠᠷ ᠬᠥᠭᠵᠢᠭᠦᠯᠵᠦ᠂ ᠤᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠲᠠᠷᠢᠶᠠᠨ ᠭᠠᠵᠠᠷ ᠭᠡᠬᠦ ᠡᠨᠡ ᠬᠦ ᠠᠮᠢᠨ ᠰᠤᠳᠠᠰᠤ ᠶᠢ ᠪᠠᠲᠤ ᠰᠠᠬᠢᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠲᠠᠷᠢᠶᠠᠨ ᠭᠠᠵᠠᠷ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠲᠤᠯᠠᠭ᠎ᠠ ᠲᠠᠢ᠂ ᠶᠠᠰᠤ ᠴᠢᠨᠠᠷ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠭᠠᠮᠰᠢᠭ ᠤᠨ ᠳᠠᠷᠠᠭᠠᠬᠢ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠬᠥᠳᠡᠭᠡ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠪᠠᠲᠤᠯᠠᠵᠤ᠂ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠰᠠᠶᠢᠲᠤᠷ ᠠᠳᠬᠤᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠠ ᠦᠭᠡᠢ ᠪᠣᠳᠠᠲᠤ ᠴᠢᠨᠠᠷᠲᠠᠢ ᠠᠬᠢᠵᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠮᠥᠷᠥᠨ ᠳᠡᠭᠡᠨ ᠡᠭᠦᠷᠭᠡᠯᠡᠨ᠂ ᠭᠠᠷ ᠲᠠᠭᠠᠨ ᠠᠳᠬᠤᠵᠤ᠂ ᠪᠣᠳᠠᠲᠠᠢ ᠲᠠᠢ ᠤᠶᠠᠯᠳᠤᠭᠤᠯᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠶ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠦ᠂ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ︵ᠶᠠᠷᠢᠯᠴᠠᠬᠤ ᠨᠣᠣᠷᠠᠭ︶︾ ᠢ ᠶᠠᠷᠢᠯᠴᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠯᠢᠦ ᠭᠦᠸᠧ ᠵᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠪᠦᠭᠦ ᠲᠠᠯ᠎ᠠ ᠶᠢᠨ ᠥᠨᠳᠥᠷᠴᠡ ᠠᠴᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠮᠠᠰᠢ ᠴᠢᠩᠭ᠎ᠠ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠴᠢᠨᠠᠷ᠂ ᠪᠠᠶᠢᠯᠳᠤᠬᠤ ᠪᠣᠳᠣᠯᠭ᠎ᠠ ᠶᠢᠨ ᠵᠢᠯᠤᠭᠤᠳᠬᠤ ᠴᠢᠨᠠᠷ ᠪᠣᠯᠣᠨ ᠠᠬᠤᠶᠢᠴᠢ ᠬᠠᠨᠳᠤᠯᠭᠠᠲᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠣᠨ᠎ᠠ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠳᠤ ᠵᠣᠭᠰᠣᠵᠤ᠂ ᠠᠭᠤᠯᠤᠭᠳᠠᠬᠤᠨ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ︽ᠮᠢᠩᠭ᠎ᠠ ᠲᠦᠮᠡ ᠶᠢᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯᠯᠠᠬᠤ ᠠᠷᠭ᠎ᠠ ᠪᠣᠯᠣᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠲᠠᠷᠢᠶᠠᠴᠢᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠪᠣᠳᠠᠲᠠᠢ ᠠᠰᠠᠭᠤᠳᠠᠯ ᠠᠴᠠ ᠡᠭᠦᠰᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠠᠷᠳᠠᠬᠤ ᠴᠡᠭ ᠢ ᠣᠨᠣᠪᠴᠢᠲᠠᠢ ᠡᠷᠢᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠵᠤ᠂ ᠰᠢᠷ᠎ᠠ ᠪᠤᠷᠴᠠᠭ ᠲᠠᠷᠢᠬᠤ ᠲᠠᠯᠠᠪᠠᠢ ᠶᠢ ᠥᠷᠭᠡᠳᠬᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ᠂ 2024 ᠣᠨ ᠤ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ᠂ ᠲᠠᠯ᠎ᠠ ᠭᠠᠵᠠᠷ᠂ ᠤᠰᠤᠨ ᠠᠰᠢᠭᠯᠠᠯᠲᠠ ᠶᠢᠨ ᠤᠰᠤᠯᠠᠬᠤ ᠨᠥᠬᠦᠴᠡᠯ ᠲᠠᠢ ᠭᠠᠵᠠᠷ ᠣᠷᠣᠨ ᠤ ᠲᠠᠷᠢᠶᠠᠨ ᠭᠠᠵᠠᠷ ᠢ ᠡᠩ ᠲᠡᠷᠢᠭᠦᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠪᠡᠯᠡ ᠣᠷᠣᠭᠤᠯᠤᠯᠲᠠ ᠶᠢᠨ ᠨᠥᠬᠦᠪᠦᠷᠢ ᠶᠢᠨ ᠲᠦᠪᠰᠢᠨ ᠢ ᠵᠣᠬᠢᠰᠲᠠᠢ ᠳᠡᠭᠡᠭᠰᠢᠯᠡᠭᠦᠯᠭᠦ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠡᠮᠵᠢᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠰ ᠪᠠ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ ᠤ ᠪᠠᠶᠢᠩᠭᠤ ᠶᠢᠨ ᠴᠢᠨᠠᠷᠲᠠᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠢᠶᠠᠷ ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠳᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠠᠵᠤ ᠦᠢᠯᠡᠰ ᠢ ᠨᠠᠷᠢᠯᠢᠭ ᠣᠨᠣᠴᠠᠲᠠᠢ ᠪᠠᠷ ᠪᠣᠳᠠᠲᠠᠢ ᠶᠢ ᠡᠷᠬᠢᠮᠯᠡᠨ ᠪᠤᠶᠢᠵᠢᠭᠤᠯᠵᠤ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ᠂ ᠠᠶᠢᠯ ᠲᠣᠰᠬᠤᠨ ᠤ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠠᠬᠢᠭᠤᠯᠬᠤ ᠬᠡᠷᠡᠭᠲᠡᠢ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠸᠡᠭᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠮᠤᠭᠤᠯᠠᠩᠲᠤ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ᠂ ᠬᠥᠳᠡᠭᠡ ᠲᠣᠰᠬᠤᠨ ᠤ ᠪᠣᠯᠬᠢ ᠳᠠᠳᠬᠠᠯ ᠢ ᠲᠡᠪᠴᠢᠵᠦ ᠰᠢᠨ᠎ᠡ ᠰᠤᠷᠲᠠᠯ ᠢ ᠳᠡᠯᠭᠡᠷᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠡᠯ᠎ᠡ ᠭᠠᠵᠠᠷ ᠤᠨ ᠬᠢᠨ ᠤ ᠦᠢᠯᠡᠳᠦᠯᠭᠡ ᠶᠢᠨ ᠰᠦᠪᠡᠭᠴᠢᠯᠡᠯᠲᠡ ᠪᠠ ᠳᠦᠷᠢᠮ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠢᠯᠯᠠᠬᠤ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠪᠠᠶᠢᠭᠠᠯᠢ ᠶᠢᠨ ᠵᠢᠮ᠎ᠡ ᠶᠣᠰᠣ᠂ ᠠᠵᠤ ᠠᠬᠤᠢ ᠶᠢᠨ ᠵᠢᠮ᠎ᠡ ᠶᠣᠰᠣ᠂ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠦᠯᠦᠨ᠂ ᠠᠵᠢᠯ ᠤᠨ ᠴᠠᠭ ᠬᠡᠮᠵᠢᠶ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ᠃ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠲᠥᠪᠯᠡᠷᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠤᠨ ᠲᠥᠪ ᠬᠤᠷᠢᠶ᠎ᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠠᠩᠬᠠᠳᠤᠭᠠᠷ ᠪᠦᠭᠦᠳᠡ ᠬᠤᠷᠠᠯ ᠢ ᠡᠷᠭᠢᠯᠡᠵᠠᠢ᠃    ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠠᠷᠢᠭᠤᠴᠠᠯᠭᠠᠲᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号