| | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 15 ᠤ ᠴᠠᠭᠢᠯᠭᠠᠨ ᠮᠡᠳᠡᠭᠡ 12 ᠰᠠᠷ᠎ᠠ ᠶᠢᠨ 16 ᠤ ᠡᠳᠦᠷ | ᠬᠡᠪᠯᠡᠭᠳᠡᠭᠰᠡᠨ 24 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ | ᠬᠤᠷᠢᠳᠤᠭᠠᠷ ᠬᠤᠭᠤᠴᠠᠭᠠᠨ ᠤ ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠩᠬᠠᠳᠤᠭᠠᠷ ᠬᠤᠷᠠᠯ | ᠳᠡᠭᠡᠷᠡᠬᠢ ᠶᠠᠷᠢᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠪᠠᠶᠢᠭᠤᠯᠤᠮᠵᠢ ᠶᠢᠨ ᠣᠷᠣᠨ ᠲᠤᠭ᠎ᠠ ᠪᠣᠯ ᠴᠢᠬᠤᠯᠠ ᠤᠯᠤᠰ ᠲᠥᠷᠥ ᠶᠢᠨ ᠡᠬᠢ ᠪᠠᠶᠠᠯᠢᠭ᠂ ᠲᠥᠷᠥ | ᠪᠠᠷᠢᠬᠤ ᠡᠬᠢ ᠪᠠᠶᠠᠯᠢᠭ ᠮᠥᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠪᠣᠯ ᠨᠠᠮ ᠤᠨ ᠤᠷᠲᠤ ᠬᠤᠭᠤᠴᠠᠭᠠᠨ ᠤ | ᠲᠥᠷᠥ ᠪᠠᠷᠢᠬᠤ ᠴᠢᠳᠠᠪᠤᠷᠢ ᠪᠣᠯᠣᠨ ᠲᠥᠷᠥ ᠶᠢᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠵᠢᠯ ᠮᠥᠨ | ᠪᠠᠶᠢᠵᠤ᠂ ᠮᠠᠨ ᠤ ᠨᠠᠮ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠶ᠃ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠠᠴᠠ ᠨᠠᠭᠠᠰᠢ ᠲᠥᠪ ᠤᠨ ᠣᠷᠣᠨ ᠲᠤᠭ᠎ᠠ ᠶᠢᠨ ᠬᠤᠷᠢᠶ᠎ᠠ ᠡᠭᠦᠷᠭᠡ ᠴᠢᠳᠠᠪᠬᠢ ᠪᠠᠨ ᠭᠦᠢᠴᠡᠳ ᠭᠦᠢᠴᠡᠳᠬᠡᠵᠦ᠂ | ᠠᠵᠢᠯ ᠨᠢ ᠬᠦᠴᠦᠲᠡᠢ᠂ ᠪᠦᠲᠦᠮᠵᠢᠲᠡᠢ ᠪᠠᠶᠢᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠡᠷᠬᠡ ᠰᠦᠷᠲᠦ | ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠲᠥᠪ ᠴᠢᠩᠭ᠎ᠠ ᠴᠢᠨᠠᠷ ᠲᠠᠰᠤᠷᠠᠯᠲᠠ ᠦᠭᠡᠢ ᠴᠢᠩᠭᠠᠷᠠᠪᠠ᠃ ᠠᠵᠢᠯ ᠤᠨ | ᠳᠤᠮᠳᠠ ᠪᠠᠨ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠤ᠂ ᠵᠢᠮ᠎ᠡ ᠶᠣᠰᠣᠴᠢ ᠴᠢᠨᠠᠷ ᠲᠠᠢ ᠲᠠᠨᠢᠯᠲᠠ ᠶᠢ | ᠪᠦᠷᠢᠯᠳᠦᠭᠦᠯᠪᠡ᠂ ᠡᠨᠡ ᠨᠢ ᠳᠠᠷᠤᠢ ᠡᠷᠬᠡᠪᠰᠢ ᠨᠠᠮ ᠤᠨ ᠲᠥᠪ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ | ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠤᠯᠭᠠᠬᠤ ᠶᠢ ᠪᠠᠷᠢᠮᠲᠠᠯᠠᠵᠤ᠂ | ᠡᠷᠬᠡᠪᠰᠢ ᠠᠷᠠᠳ ᠲᠦᠮᠡᠨ ᠢᠶᠠᠷ ᠭᠤᠣᠯ ᠪᠤᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠡᠷᠬᠡᠪᠰᠢ | ᠰᠢᠯᠢᠳᠡᠭᠵᠢᠭᠦᠯᠬᠦ ᠬᠠᠮᠵᠢᠯᠴᠠᠬᠤ ᠥᠨᠳᠥᠷ ᠪᠦᠲᠦᠮᠵᠢᠲᠡᠢ ᠪᠠᠶᠢᠬᠤ ᠵᠠᠷᠴᠢᠮ ᠢ ᠪᠠᠷᠢᠮᠲᠠᠯᠠᠵᠤ᠂ ᠡᠷᠬᠡᠪᠰᠢ ᠪᠠᠶᠢᠭᠤᠯᠤᠮᠵᠢ ᠶᠢᠨ | ᠥᠭᠡᠷᠡᠴᠢᠯᠡᠯᠲᠡ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠡᠷᠬᠡᠪᠰᠢ ︽ᠮᠠᠷᠢᠶ᠎ᠠ ᠰᠢᠭᠤᠷᠠᠭᠤᠯᠬᠤ︾ ᠪᠠ ︽ᠪᠡᠶ᠎ᠡ | ᠴᠢᠭᠢᠷᠠᠭᠵᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠷᠬᠡᠪᠰᠢ ᠲᠥᠪ ᠪᠠ ᠣᠷᠣᠨ ᠨᠤᠲᠤᠭ ᠬᠤᠶᠠᠷ ᠲᠠᠯ᠎ᠠ ᠶᠢᠨ | ᠢᠳᠡᠪᠬᠢᠵᠢᠯ ᠢ ᠪᠠᠳᠠᠷᠠᠭᠤᠯᠬᠤ ᠶᠢ ᠪᠠᠷᠢᠮᠲᠠᠯᠠᠵᠤ᠂ ᠡᠷᠬᠡᠪᠰᠢ ᠪᠠᠶᠢᠭᠤᠯᠤᠮᠵᠢ ᠶᠢᠨ ᠣᠷᠣᠨ ᠲᠤᠭ᠎ᠠ ᠶᠢ ᠬᠠᠤᠯᠢᠵᠢᠭᠤᠯᠬᠤ ᠶᠢ | ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ᠃ ᠡᠳᠡᠭᠡᠷ ᠲᠤᠷᠰᠢᠯᠭ᠎ᠠ ᠶᠢ ᠤᠷᠳᠦ ᠬᠤᠭᠤᠴᠠᠭ᠎ᠠ ᠪᠠᠷ | ᠪᠠᠷᠢᠮᠲᠠᠯᠠᠬᠤ ᠶᠢᠨ ᠵᠡᠷᠭᠡ ᠪᠠᠷ ᠦᠢᠯᠡᠳᠦᠯᠭᠡ ᠶᠢᠨ ᠳᠤᠮᠳᠠ ᠲᠡᠰᠦᠷᠡᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠵᠣᠬᠢᠶᠠᠯ ᠳᠤ᠂ ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠨᠢ ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ᠂ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠠᠮ ᠤᠨ ᠲᠦᠷᠦ ᠪᠠᠷᠢᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠤᠢ᠃ ᠠᠵᠢᠯ ᠤᠨ ᠳᠤᠮᠳᠠ ᠪᠠᠨ 3 ᠲᠠᠯ᠎ᠠ ᠶᠢ | ᠭᠤᠣᠯᠳᠠᠯᠭ᠎ᠠ ᠲᠠᠢ ᠰᠠᠶᠢᠲᠤᠷ ᠡᠵᠡᠮᠳᠡᠬᠦ ᠬᠡᠷᠡᠭᠲᠡᠢ᠂ ᠨᠢᠭᠡ ᠳᠤ᠂ ᠨᠠᠮ ᠤᠨ ᠲᠥᠪ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠬᠤᠶᠠᠷ ᠲᠤ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠰᠢᠨ᠎ᠡ ᠴᠠᠭ ᠦᠶ᠎ᠡ ᠶᠢᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠠᠵᠢᠯ ᠤᠨ ᠭᠤᠣᠯ ᠰᠡᠳᠦᠪ ᠭᠤᠣᠯ ᠱᠤᠭᠤᠮ ᠪᠤᠯᠭᠠᠬᠤ ᠶᠢ ᠪᠠᠷᠢᠮᠲᠠᠯᠠᠬᠤ ᠬᠡᠷᠡᠭᠲᠡᠢ᠂ ᠭᠤᠷᠪᠠ ᠳᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠤᠭ᠎ᠠ ᠵᠣᠬᠢᠴᠠᠭᠰᠠᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ | ᠪᠣᠯᠣᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠶᠢ ᠰᠢᠨ᠎ᠡ ᠴᠠᠭ ᠦᠶ᠎ᠡ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ | ᠠᠵᠢᠯ ᠤᠨ ᠭᠤᠣᠯ ᠡᠭᠦᠷᠭᠡ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠰᠠᠶᠢᠲᠤᠷ ᠬᠢᠬᠦ ᠳᠤ᠂ ᠳᠣᠣᠷᠠᠬᠢ ᠬᠡᠳᠦᠨ | ᠠᠰᠠᠭᠤᠳᠠᠯ ᠢ ᠠᠩᠬᠠᠷᠬᠤ ᠬᠡᠷᠡᠭᠲᠡᠢ᠄ ᠨᠢᠭᠡᠳᠦᠭᠡᠷ ᠲᠤ᠂ ᠦᠵᠦ ᠲᠥᠯᠥᠪᠯᠡᠭᠡ ᠪᠣᠯᠣᠨ ᠪᠦᠬᠦᠯᠢ ᠴᠣᠭᠴᠠ ᠶᠢᠨ | ᠲᠥᠯᠦᠪᠵᠢᠭᠦᠯᠭᠡ ᠶᠢ ᠴᠢᠩᠭᠠᠳᠬᠠᠬᠤ ᠭᠡᠷᠡᠭᠲᠡᠢ︔ ᠬᠤᠶᠠᠳᠤᠭᠠᠷ ᠲᠤ᠂ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠪᠠ ᠭᠤᠣᠯᠳᠠᠯᠭ᠎ᠠ ᠲᠠᠢ ᠠᠵᠢᠯ ᠳᠤ ᠦᠢᠯᠡᠴᠢᠯᠡᠵᠦ ᠪᠠᠲᠤᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠭᠡᠷᠡᠭᠳᠠᠢ︔ | ᠭᠤᠷᠪᠠᠳᠤᠭᠠᠷ ᠲᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠢᠯᠡ ᠲᠣᠳᠣ ᠦᠨᠳᠦᠰᠦᠨ ᠱᠠᠲᠤᠨ ᠤ | ᠤᠳᠤᠷᠢᠳᠤᠮᠵᠢ ᠶᠢ ᠪᠤᠢ ᠪᠤᠯᠭᠠᠬᠤ ᠭᠡᠷᠡᠭᠳᠠᠢ︔ ᠳᠥᠷᠪᠡᠳᠦᠭᠡᠷ ᠲᠤ᠂ ᠰᠢᠨᠵᠢᠯᠡᠬᠦ ᠤᠬᠠᠭᠠᠨᠴᠢ ᠵᠢᠷᠤᠮᠵᠢᠩᠭᠤᠢ ᠴᠢᠩᠭ᠎ᠠ | ᠬᠠᠮᠢᠶᠠᠷᠤᠯᠲᠠ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ ᠪᠦᠭᠦᠳᠡ ᠬᠤᠷᠠᠯ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ | ᠰᠠᠶᠢᠲᠤᠷ ᠠᠳᠬᠤᠬᠤ ᠬᠡᠷᠡᠭᠲᠡᠢ᠃ ᠲᠥᠪ ᠤᠨ ᠳᠠᠪᠬᠤᠷᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠠᠷᠢᠨ ᠨᠢᠮᠪᠠᠢ | ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠵᠦ᠂ ᠲᠣᠭᠲᠠᠭᠰᠠᠨ ᠬᠤᠭᠤᠴᠠᠭᠠᠨ ᠳᠣᠲᠣᠷ᠎ᠠ ᠲᠥᠪ ᠤᠨ ᠳᠠᠪᠬᠤᠷᠭ᠎ᠠ ᠶᠢᠨ | ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠣᠷᠣᠨ | ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠶᠢᠨ ᠵᠡᠷᠭᠡ ᠪᠠᠷ ᠰᠠᠶᠢᠲᠤᠷ ᠬᠢᠬᠦ ᠬᠡᠷᠡᠭᠲᠡᠢ᠃ ᠣᠷᠣᠨ ᠨᠤᠲᠤᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠲᠥᠪ ᠤᠨ ᠳᠠᠪᠬᠤᠷᠭ᠎ᠠ ᠶᠢᠨ ᠥᠭᠡᠷᠡᠴᠢᠯᠡᠯᠲᠡ ᠯᠦᠭᠡ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠵᠤ᠂ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠳᠤ ᠡᠷᠬᠡᠪᠰᠢ ᠲᠡᠮᠦᠷ ᠮᠡᠲᠦ ᠬᠠᠲᠠᠭᠤ ᠰᠠᠬᠢᠯᠭ᠎ᠠ ᠪᠠᠲᠤ ᠪᠠᠷ ᠬᠠᠮᠠᠭᠠᠯᠠᠬᠤ ᠬᠡᠷᠡᠭᠲᠡᠢ᠃ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠳᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠡᠯ᠎ᠡ ᠱᠠᠲᠤᠨ ᠤ ᠣᠷᠣᠨ ᠲᠤᠭ᠎ᠠ ᠶᠢᠨ ᠠᠯᠪᠠᠨ ᠭᠡᠷ ᠤᠯᠤᠰ ᠲᠥᠷᠥ ᠶᠢᠨ ᠪᠠᠶᠢᠭᠤᠯᠭ᠎ᠠ ᠶᠢᠨ | ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠣᠷᠣᠨ ᠲᠤᠭ᠎ᠠ ᠶᠢᠨ ᠬᠤᠷᠢᠶ᠎ᠠ ᠶᠢᠨ ᠰᠠᠶᠢᠨ ᠵᠥᠪᠯᠡᠭᠴᠢ ᠲᠤᠰᠠᠯᠠᠭᠴᠢ | ᠪᠤᠯᠬᠤ ᠬᠡᠷᠡᠭᠲᠡᠢ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠢᠭᠡᠨ ᠰᠠᠯᠠᠭ᠎ᠠ ᠤᠯᠤᠰ | ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠥᠨᠳᠥᠷ | ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠡᠩᠨᠡᠭᠡ ᠶᠢ ᠬᠦᠴᠦᠯᠡᠨ | ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠢᠰᠲ᠋ᠧᠮ ᠢᠶᠠᠷ ᠢᠶᠠᠨ | ᠬᠠᠮᠢᠶᠠᠷᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠠᠴᠠ ᠪᠠᠶᠢᠭᠤᠯᠤᠮᠵᠢ ᠶᠢᠨ ᠣᠷᠣᠨ ᠲᠤᠭ᠎ᠠ ᠶᠢ | ᠬᠠᠮᠢᠶᠠᠷᠬᠤ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠳᠦᠷᠢᠮ ᠤᠨ ᠳᠠᠪᠠᠭᠤᠯᠢᠭ ᠢ | ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ |