︽ᠠᠷᠪᠠᠨ ᠰᠠᠷ᠎ᠠ ᠶᠢᠨ ᠨᠢᠭᠡᠨ︾ ᠤ ᠠᠯᠲᠠᠨ ᠭᠠᠷᠠᠭ ᠲᠤ ᠮᠠᠨ ᠤ ᠬᠤᠲᠠ ᠶᠢᠨ ᠡᠯ᠎ᠡ ᠦᠵᠡᠮᠵᠢ ᠶᠢᠨ ᠣᠷᠣᠨ  ᠨᠢ ᠬᠥᠮᠦᠰ ᠤᠨ ᠬᠦᠷᠢᠶᠡᠯᠡᠯ ᠢ ᠣᠯᠪᠠ
ᠨᠡᠶᠢᠲᠡᠯᠡᠭᠰᠡᠨ ᠴᠠᠭ᠄
2024/10/10
    ᠠᠯᠳᠠᠨ ᠨᠠᠮᠤᠷ ᠤᠨ ᠰᠢᠷᠭᠠᠯ ᠬᠤᠭᠤᠴᠠᠭᠠᠨ ᠳᠤ᠂ ︽ᠳᠤᠮᠳᠠᠳᠤ ᠤᠯᠤᠰ ᠤᠨ ᠤᠯᠠᠭᠠᠨ︾ ᠭᠡᠬᠦ ᠨᠢᠳᠦ ᠭᠢᠯᠠᠰᠤᠮ᠎ᠠ ᠥᠩᠭᠡ ᠪᠣᠳᠤᠭ ᠨᠢ ᠬᠢᠯᠢ ᠬᠢᠵᠠᠭᠠᠷ ᠤᠨ ᠪᠣᠭᠤᠮᠲᠠ ᠳᠤ ᠪᠠᠶᠢᠵᠦ᠂ ᠡᠬᠡ ᠣᠷᠣᠨ ᠢᠶᠠᠨ ᠬᠠᠶᠢᠷᠠᠯᠠᠬᠤ ᠰᠡᠳᠭᠢᠯ᠂ ᠤᠯᠤᠰ ᠤᠨ ᠪᠠᠶᠢᠳᠠᠯ ᠢ ᠬᠡᠷᠡᠯᠳᠦᠬᠦᠯᠦᠭᠰᠡᠨ ᠢᠶᠠᠷ ᠪᠠᠷᠠᠬᠤ ᠦᠭᠡᠢ᠂ ᠤᠯᠤᠰ ᠤᠨ ᠪᠠᠶᠠᠷ ᠤᠨ ᠠᠮᠠᠷᠠᠯᠲᠠ ᠨᠢ ᠨᠡᠩ ᠴᠦ ᠳᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠳ ᠢ ᠲᠡᠳᠡᠨ᠂ ᠪᠣᠭᠤᠮᠲᠠ ᠶᠢᠨ ᠦᠵᠡᠮᠵᠢ ᠶᠢᠨ ᠣᠷᠣᠨ ᠢ ᠲᠣᠭᠤᠷᠢᠨ᠂ ᠥᠭᠡᠷ᠎ᠡ ᠵᠦᠢᠯ ᠤᠨ ᠬᠢᠯᠢ ᠶᠢᠨ ᠪᠣᠭᠤᠮᠲᠠ ᠶᠢᠨ ᠰᠣᠶᠣᠯ ᠢ ᠣᠶᠢᠯᠠᠭᠠᠭᠤᠯᠣᠭᠰᠠᠨ ᠪᠠᠶᠢᠨ᠎ᠠ᠃
   ᠤᠯᠤᠰ ᠤᠨ ᠡᠭᠦᠳᠡᠨ ᠤ ᠦᠵᠡᠮᠵᠢ ᠶᠢᠨ ᠣᠷᠣᠨ ᠳᠤ᠂ ᠵᠤᠭᠠᠴᠠᠨ ᠲᠣᠭᠤᠷᠢᠬᠤ ᠲᠡᠷᠭᠡ ᠲᠠᠰᠤᠷᠠᠯᠲᠠ ᠦᠭᠡᠢ ᠠᠶᠠᠯᠠᠵᠤ᠂ ᠬᠢᠯᠢ ᠬᠢᠵᠠᠭᠠᠷ ᠤᠨ ᠪᠣᠭᠤᠮᠲᠠ ᠶᠢᠨ ᠦᠵᠡᠮᠵᠢ ᠶᠢ ᠰᠣᠨᠢᠷᠬᠠᠵᠤ᠂ ᠬᠢᠯᠢ ᠬᠢᠵᠠᠭᠠᠷ ᠬᠤᠳᠠ ᠶᠢᠨ ᠷᠢᠳᠢ ᠰᠢᠳᠢ ᠶᠢ ᠣᠶᠢᠯᠠᠭᠠᠪᠠ᠃ ᠤᠯᠠᠨ ᠢᠶᠠᠷ ᠢᠶᠠᠨ ᠤᠯᠤᠰ ᠤᠨ ᠡᠭᠦᠳᠡᠨ ᠤ ᠳᠣᠣᠷ᠎ᠠ᠂ ᠬᠢᠯᠢ ᠶᠢᠨ ᠬᠥᠰᠢᠶ᠎ᠡ ᠶᠢᠨ ᠡᠮᠦᠨ᠎ᠡ᠂ ᠡᠬᠡ ᠤᠯᠤᠰ ᠲᠠᠢ ᠪᠠᠨ ᠬᠠᠮᠲᠤ ᠫᠠᠶᠢᠰᠠ ᠡᠯᠭᠦᠨ ᠳᠤᠷᠠᠰᠬᠠᠯ ᠦᠯᠡᠳᠡᠭᠡᠵᠦ᠂ ᠵᠢᠭᠤᠯᠴᠢᠯᠠᠯ ᠤᠨ ᠳᠤᠮᠳᠠ ᠵᠠᠭᠤᠨ ᠵᠢᠯ ᠤᠨ ᠲᠡᠮᠡᠴᠡᠯ ᠤᠨ ᠲᠡᠦᠬᠡ ᠶᠢ ᠲᠠᠬᠢᠨ ᠡᠷᠭᠢᠴᠡᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠬᠦᠷᠲᠡᠪᠡ᠃
  ᠪᠣᠭᠤᠮᠲᠠ ᠳᠤ ᠵᠤᠭᠠᠴᠠᠨ ᠢᠷᠡᠭᠰᠡᠨ ᠨᠢᠭᠡᠨ ᠪᠡᠭᠡᠵᠢᠩ ᠤᠨ ᠵᠢᠭᠤᠯᠴᠢᠯᠠᠭᠴᠢᠳ᠄ ︽ᠪᠢ ᠪᠡᠭᠡᠵᠢᠩ ᠠᠴᠠ ᠢᠷᠡᠭᠰᠡᠨ᠂ ᠡᠨᠡ ᠤᠳᠠᠭ᠎ᠠ ᠪᠢ ᠠᠪᠤ ᠡᠵᠢ ᠲᠠᠢ ᠪᠠᠨ ᠡᠷᠢᠶᠡᠨ ᠬᠤᠲᠠ ᠳᠤ ᠢᠷᠡᠵᠦ ᠵᠢᠭᠤᠯᠴᠢᠯᠠᠪᠠ᠃ ᠤᠯᠤᠰ ᠤᠨ ᠡᠭᠦᠳᠡᠨ ᠳᠤ ᠵᠣᠭᠰᠣᠭᠠᠳ᠂ ᠳᠤᠮᠳᠠᠳᠤ ᠤᠯᠤᠰ ᠤᠨ ᠬᠥᠮᠥᠨ ᠪᠣᠯᠣᠭᠰᠠᠨ ᠳᠤ ᠪᠠᠨ ᠲᠣᠩ ᠣᠮᠣᠭᠰᠢᠨ ᠵᠣᠷᠢᠭᠵᠢᠵᠤ  ᠪᠠᠶᠢᠨ᠎ᠠ︾ ᠭᠡᠪᠡ᠃
  ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠤᠪᠢᠰᠬᠠᠯ ᠤᠨ ᠦᠵᠡᠰᠭᠦᠯᠡᠩ᠂ ᠬᠤᠪᠢᠰᠬᠠᠯ ᠤᠨ ᠱᠤᠭᠤᠮ ᠨᠢ ᠬᠥᠮᠦᠰ ᠤᠨ ᠠᠩᠬᠠᠷᠤᠯ ᠢ ᠲᠠᠲᠠᠭᠰᠠᠨ ᠵᠦᠢᠯ ᠪᠣᠯᠵᠠᠢ᠃ ᠬᠢᠯᠢ ᠶᠢᠨ ᠪᠣᠭᠤᠮᠲᠠ ᠶᠢᠨ ᠰᠣᠶᠣᠯ ᠲᠠᠢ ᠤᠶᠠᠯᠳᠤᠭᠤᠯᠤᠨ᠂ ᠮᠠᠨ ᠤ ᠬᠤᠲᠠ ᠣᠨᠴᠠᠯᠢᠭᠲᠤ ᠰᠣᠶᠣᠯ ᠵᠢᠭᠤᠯᠴᠢᠯᠠᠯ ᠤᠨ ᠭᠤᠤᠯ ᠰᠡᠳᠦᠪᠲᠦ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠥᠭᠡᠷ᠎ᠡ ᠬᠡᠯᠪᠡᠷᠢ ᠪᠠᠷ ᠤᠯᠤᠰ ᠤᠨ ᠲᠤᠭ ᠢᠶᠠᠨ ᠬᠦᠨᠳᠦᠯᠡᠵᠦ᠂ ᠡᠬᠡ ᠤᠯᠤᠰ ᠤᠨ ᠢᠶᠠᠨ ᠲᠥᠯᠥᠭᠡ ᠠᠮᠢᠳᠤᠷᠠᠯ ᠢᠶᠠᠨ ᠪᠡᠯᠭᠡᠯᠡᠵᠦ᠂ ᠡᠯᠪᠡᠭ ᠬᠤᠷᠢᠶᠠᠯᠲᠠ ᠶᠢᠨ ᠮᠠᠭᠲᠠᠭᠠᠯ ᠰᠠᠶᠢᠰᠢᠶᠠᠯ ᠢ ᠣᠯᠵᠤ᠂ ᠰᠣᠶᠣᠯ ᠵᠢᠭᠤᠯᠴᠢᠯᠠᠯ ᠤᠨ ᠣᠶᠢᠯᠠᠭᠠᠯᠲᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃    ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠪᠠ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠤᠶᠠᠷ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠤᠭᠠᠴᠠᠭᠰᠠᠳ ᠢ ᠨᠡᠶᠢᠲᠡ 3.03 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 90.38 ᠲᠦᠮᠡᠨ ᠲᠥᠭᠦᠷᠢᠭ ᠪᠡᠶᠡᠯᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号