| | | ︽ᠪᠠᠶᠠᠵᠢᠶ᠎ᠠ ᠭᠡᠪᠡᠯ ᠣᠷᠢᠳᠠᠪᠡᠷ ᠵᠠᠮ ᠢᠶᠠᠨ ᠵᠠᠰᠠᠨ᠎ᠠ︾᠃ ᠵᠠᠮ ᠤᠨ ᠪᠦᠳᠦᠭᠡᠨ ᠪᠠᠶᠢᠭᠤᠯᠤᠯᠲᠠ ᠨᠢ ᠤᠯᠠᠨ | ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠪᠥᠭᠡᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ ᠶᠢᠨ ᠬᠦᠴᠦᠲᠡᠢ ᠪᠠᠲᠤᠯᠠᠭ᠎ᠠ ᠪᠣᠯᠤᠨ᠎ᠠ᠃ ᠣᠳᠣᠬᠠᠨ ᠳᠤ᠂ | ᠮᠠᠨ ᠤ ᠬᠤᠲᠠ 4 ᠵᠤᠷᠪᠤᠰ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠣᠯᠳᠠ ᠶᠢᠨ ᠵᠠᠰᠠᠮᠠᠯ ᠵᠠᠮ ᠤᠨ | ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠦ ᠪᠠᠶᠢᠨ᠎ᠠ᠃ | | | | | ᠰᠤᠷᠪᠤᠯᠵᠢᠯᠠᠭᠴᠢ G331 ᠬᠠᠳᠠᠨ ᠬᠤᠰᠢᠭᠤ ᠵᠠᠰᠠᠮᠠᠯ ᠵᠠᠮ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ | ᠠᠵᠢᠯᠴᠢᠳ ᠶᠠᠭ ᠶᠠᠭᠠᠷᠠᠯᠳᠠᠢ ᠪᠠᠷ ᠠᠵᠢᠯᠯᠠᠵᠦ ᠪᠠᠶᠢᠭ᠎ᠠ ᠶᠢ ᠣᠯᠵᠤ ᠬᠠᠷᠠᠪᠠ᠃ G331 ᠬᠠᠳᠠᠨ ᠬᠤᠰᠢᠭᠤ | ᠵᠠᠰᠠᠮᠠᠯ ᠵᠠᠮ ᠤᠨ ᠪᠦᠬᠦ ᠤᠷᠲᠤ ᠨᠢ 7.77 ᠺᠢᠯᠣᠮᠧᠲᠷ᠂ ᠳᠦᠷᠪᠡᠳᠦᠭᠡᠷ ᠳᠡᠰ ᠤᠨ ᠵᠠᠰᠠᠮᠠᠯ ᠵᠠᠮ ᠤᠨ | ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠲᠥᠯᠥᠪᠯᠡᠭᠰᠡᠨ ᠬᠤᠷᠳᠤᠴᠠ ᠨᠢ 20 ᠺᠢᠯᠣᠮᠧᠲᠷ / ᠴᠠᠭ᠂ ᠵᠠᠮ ᠤᠨ | ᠭᠠᠳᠠᠷᠭᠤ ᠶᠢ ᠼᠧᠮᠧᠨ᠋ᠲ ᠪᠧᠲ᠋ᠣᠨ ᠪᠣᠯᠭᠠᠪᠠ᠃ ᠣᠳᠣᠬᠠᠨ ᠳᠤ᠂ ᠵᠠᠮ ᠤᠨ ᠰᠠᠭᠤᠷᠢ᠂ ᠰᠠᠭᠤᠷᠢ ᠳᠡᠪᠢᠰᠬᠦ | ᠪᠠᠷᠢᠯᠭ᠎ᠠ ᠶᠢ ᠴᠥᠮ ᠳᠠᠭᠤᠰᠬᠠᠵᠤ᠂ ᠪᠧᠲ᠋ᠤᠨ ᠭᠠᠳᠠᠷᠭᠤ ᠶᠢ 80% ᠶᠢ ᠳᠡᠪᠢᠰᠴᠦ ᠳᠠᠭᠤᠰᠬᠠᠪᠠ᠃ | | | | | ᠮᠠᠨ ᠤ ᠬᠤᠲᠠ ᠡᠨᠡ ᠵᠢᠯ 4 ᠵᠤᠷᠪᠤᠰ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ᠲᠣᠰ ᠲᠣᠰ G331 — ᠬᠠᠳᠠᠨ ᠬᠤᠰᠢᠭᠤ ᠵᠠᠰᠠᠮᠠᠯ ᠵᠠᠮ᠂ | ᠬᠦᠭᠵᠢᠯᠳᠣᠶᠠᠭ᠎ᠠ — ᠬᠡᠷᠡᠰᠣᠳᠠᠢ ᠶᠢᠨ ᠣᠯᠠᠭᠠᠨ ᠳᠣᠭᠤᠷᠢᠮ ᠬᠦᠷᠬᠦ ᠵᠠᠰᠠᠮᠠᠯ ᠵᠠᠮ᠂ ᠱᠦ ᠭᠠᠩ ᠵᠠᠰᠠᠮᠠᠯ ᠵᠠᠮ | — ᠪᠦᠳᠦᠬᠦᠨ ᠵᠠᠰᠠᠮᠠᠯ ᠵᠠᠮ᠂ ᠬᠤᠸᠠ ᠳ᠋ᠢᠶᠠᠨ ᠺᠣᠮᠫᠠᠨᠢ — ᠬᠠᠶᠢᠯᠤᠭᠤᠷ ᠵᠤᠩᠰᠢ ᠶᠢᠨ ᠠᠭᠤᠷᠬᠠᠶ ᠶᠢᠨ | ᠵᠠᠰᠠᠮᠠᠯ ᠵᠠᠮ ᠪᠠᠶᠢᠵᠤ᠂ ᠵᠠᠮ ᠤᠨ ᠣᠷᠳᠣ ᠨᠡᠶᠢᠲᠡ 41.3 ᠺᠢᠯᠣᠮᠧᠲᠷ ᠪᠠᠶᠢᠵᠤ᠂ ᠨᠡᠶᠢᠲᠡ 4135 ᠲᠦᠮᠡᠨ | ᠲᠥᠭᠦᠷᠢᠭ ᠤᠨ ᠪᠠᠯᠠ ᠣᠷᠣᠭᠤᠯᠵᠤ᠂ 7-9 ᠰᠠᠷ᠎ᠠ ᠳᠤ ᠵᠠᠯᠭᠠᠭ᠎ᠠ ᠪᠠᠷ ᠪᠠᠷᠢᠯᠭ᠎ᠠ ᠡᠬᠢᠯᠡᠬᠦᠯᠦᠨ ᠪᠦᠳᠦᠭᠡᠨ | ᠪᠠᠶᠢᠭᠤᠯᠪᠠ᠃ ᠣᠳᠣᠬᠠᠨ ᠳᠤ᠂ 4 ᠵᠤᠷᠪᠤᠰ ᠵᠠᠰᠠᠮᠠᠯ ᠵᠠᠮ ᠤᠨ ᠰᠠᠭᠤᠷᠢ᠂ ᠳᠠᠪᠬᠤᠷᠭ᠎ᠠ ᠶᠢᠨ ᠪᠠᠷᠢᠯᠭ᠎ᠠ ᠶᠢ | ᠦᠨᠳᠦᠰᠦᠨ ᠳᠡᠭᠡᠨ ᠳᠠᠭᠤᠰᠬᠠᠵᠤ᠂ 1350 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ | ᠶᠠᠭ ᠪᠧᠲ᠋ᠤᠨ ᠤ ᠭᠠᠳᠠᠷᠭᠤ ᠶᠢᠨ ᠪᠠᠷᠢᠯᠭ᠎ᠠ ᠶᠢ ᠪᠦᠳᠦᠬᠡᠨ ᠪᠠᠶᠢᠭᠤᠯᠵᠦ ᠪᠠᠶᠢᠨ᠎ᠠ᠂ ᠵᠢᠱᠢᠯᠲᠡ ᠪᠠᠷ 11 ᠰᠠᠷ᠎ᠠ ᠶᠢᠨ | ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠬᠠᠨ᠎ᠠ᠃ | ᠵᠠᠮ ᠢᠶᠠᠷ ᠳᠠᠮᠵᠢᠨ᠂ ᠰᠡᠳᠬᠢᠯ ᠢ ᠬᠤᠯᠪᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠳᠠᠭᠠᠯᠳᠤᠨ᠂ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ | ᠣᠷᠣᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠥᠳᠡᠭᠡ | ᠲᠣᠰᠬᠤᠨ ᠤ ᠬᠤᠭᠤᠷᠣᠨᠳᠣᠬᠢ ᠵᠠᠮ ᠢ ᠪᠠᠶᠠᠵᠢᠨ ᠴᠢᠨᠡᠭᠡᠯᠢᠭᠵᠢᠬᠦ ᠵᠠᠮ ᠪᠣᠯᠭᠠᠵᠤ᠂ ᠠᠷᠠᠳ ᠤᠨ ᠠᠮᠢᠳᠤᠷᠠᠯ ᠤᠨ ᠵᠣᠯ | ᠵᠢᠷᠭᠠᠯ ᠳᠤ ᠦᠷᠭᠦᠯᠵᠢᠯᠡᠨ ᠳᠡᠭᠡᠭᠰᠢᠯᠡᠬᠦᠯᠦᠨ᠎ᠡ᠃ | | |