【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ ᠡᠷᠢᠶᠡᠨ ᠬᠤᠳᠠ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 300 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/10/11
     ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠣᠭᠤᠮᠲᠠ ᠶᠢᠨ ᠠᠯᠪᠠᠨ ᠬᠡᠷ ᠠᠴᠠ ᠣᠶᠢᠯᠠᠭᠠᠭᠰᠠᠨ ᠨᠢ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠡᠷᠢᠶᠡᠨ ᠬᠤᠳᠠ ᠶᠢᠨ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 301.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 73.9% ᠪᠠᠷ ᠨᠡᠮᠡᠭᠳᠡᠪᠡ᠃
    ᠡᠷᠢᠶᠡᠨ ᠬᠤᠳᠠ ᠶᠢᠨ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠳᠤ 2 ᠲᠦᠮᠡ ᠭᠠᠷᠤᠢ ᠵᠦᠢᠯ ᠤᠨ ᠲᠠᠸᠠᠷ ᠢ ᠬᠠᠮᠤᠷᠴᠤ᠂ ᠭᠠᠳᠠᠭᠠᠳᠤ ᠠᠴᠠ ᠣᠷᠣᠭᠤᠯᠤᠭᠰᠠᠨ ᠲᠦᠷᠦᠯ ᠵᠦᠢᠯ ᠳᠤ ᠭᠤᠣᠯᠳᠠᠭᠤ ᠲᠡᠮᠦᠷ ᠤᠨ ᠬᠦᠳᠡᠷ᠂ ᠨᠡᠭᠦᠷᠡᠰᠦ᠂ ᠬᠠᠶᠢᠯᠤᠭᠤᠷ ᠵᠣᠩᠰᠢ ᠵᠡᠷᠭᠡ ᠶᠡᠭᠡ ᠬᠡᠮᠵᠢᠶᠡᠨ ᠤ ᠲᠠᠸᠠᠷ ᠵᠢᠴᠢ ᠮᠢᠬᠠᠨ ᠤ ᠵᠦᠢᠯ᠂ ᠠᠷᠠᠰᠤ ᠨᠣᠤᠰᠣ ᠨᠣᠯᠤᠤᠷ᠂ ᠶᠠᠰᠤ ᠲᠣᠰᠣ᠂ ᠨᠡᠭᠦᠷᠡᠰᠦᠲᠥ᠋ᠷᠥᠭᠴᠢ ᠵᠡᠷᠭᠡ ᠮᠠᠯ ᠤᠨ ᠠᠰᠢᠭ ᠰᠢᠮ᠎ᠡ ᠪᠣᠶ︔ ᠭᠠᠳᠠᠭᠠᠳᠤ ᠳᠤ ᠭᠠᠷᠭᠠᠬᠤ ᠲᠥᠷᠥᠯ ᠵᠦᠢᠯ ᠳᠤ ᠭᠤᠣᠯᠳᠠᠭᠤ ᠪᠠᠷᠢᠯᠭ᠎ᠠ ᠶᠢᠨ ᠮᠠᠲ᠋ᠧᠷᠢᠶᠠᠯ᠂ ᠪᠣᠯᠣᠳ ᠮᠠᠲ᠋ᠧᠷᠢᠶᠠᠯ᠂ ᠵᠢᠮᠢᠰ ᠨᠣᠭᠤᠭ᠎ᠠ᠂ ᠲᠠᠸᠠᠷ ᠤᠨ ᠲᠡᠷᠭᠡ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠵᠡᠷᠭᠡ ᠪᠠᠶᠢᠨ᠎ᠠ᠃      ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠶᠢᠨ ︽ᠲᠥᠪᠯᠡᠷᠡᠭᠦᠯᠦᠨ ᠮᠡᠳᠡᠭᠦᠯᠬᠦ︾ ᠪᠣᠭᠤᠮᠲᠠ ᠳᠤ ᠮᠡᠳᠡᠭᠦᠯᠬᠦ᠂ ᠨᠢᠰᠬᠡᠯ ᠠᠴᠠ ᠪᠠᠭᠤᠯᠭᠠᠬᠤ ᠲᠡᠷᠭᠡ ᠶᠢ ᠰᠢᠭᠤᠳ ᠪᠤᠴᠠᠭᠠᠬᠤ᠂ ᠬᠡᠪᠴᠢᠶᠡᠲᠦ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠵᠡᠷᠭᠡ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠬᠡᠷᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠶᠡᠭᠡ ᠪᠠᠷ ᠨᠡᠮᠡᠭᠳᠡᠭᠦᠯᠬᠦ ᠶᠢᠨ ᠭᠤᠤᠯ ᠬᠦᠴᠦᠨ ᠵᠦᠢᠯ ᠪᠣᠯᠤᠭᠰᠠᠨ ᠪᠠᠶᠢᠨ᠎ᠠ᠃ ᠡᠨᠡ ᠵᠢᠯ ᠤᠨ 4 ᠰᠠᠷ᠎ᠠ ᠶᠢᠨ 1 ᠤ ᠡᠳᠦᠷ ᠠᠴᠠ ᠡᠬᠢᠯᠡᠨ ᠡᠷᠢᠶᠡᠨ ᠬᠤᠳᠠ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠳᠤ 6 ᠰᠠᠷ᠎ᠠ ᠶᠢᠨ ᠬᠤᠭᠤᠴᠠᠭ᠎ᠠ ᠲᠠᠢ 24 ᠴᠠᠭ ᠤᠨ ᠪᠣᠭᠤᠮᠲᠠ ᠪᠠᠷ ᠥᠩᠭᠡᠷᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠢᠯᠡᠳᠲᠡ ᠨᠡᠮᠡᠭᠳᠡᠵᠦ᠂ ᠪᠠᠷᠠᠭᠠᠨ ᠤ ᠪᠣᠭᠤᠮᠲᠠ ᠪᠠᠷ ᠥᠩᠭᠡᠷᠡᠬᠦ ᠶᠢ ᠨᠠᠩ ᠰᠠᠭᠠᠳ ᠥᠬᠡᠶ ᠨᠡᠪᠲᠡᠷᠡᠭᠦᠯᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃      ᠨᠡᠭᠡᠭᠡᠯᠲᠡ ᠬᠢᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠬᠤᠳᠠᠯᠳᠤᠭᠠᠨ ᠤ ᠶᠠᠪᠤᠳᠠᠯ᠂ ᠪᠣᠭᠤᠮᠲᠠ ᠵᠢᠴᠢ ᠬᠠᠮᠲᠤᠷᠠᠨ ᠪᠠᠶᠢᠴᠠᠭᠠᠵᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠢᠳᠡᠪᠬᠢᠲᠡᠶ ᠪᠠᠷ ᠬᠠᠮᠵᠢᠯᠴᠠᠨ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠣᠯᠠᠨ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠷᠢᠶᠡᠨ ᠪᠣᠭᠤᠮᠲᠠ ᠶᠢᠨ ᠬᠢᠨ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠯᠵᠢᠶᠠᠨ ᠤ ᠠᠷᠭ᠎ᠠ ᠵᠠᠮ ᠢᠶᠠᠨ ᠥᠷᠭᠡᠳᠬᠡᠵᠦ᠂ ᠠᠷᠠᠯᠵᠢᠶᠠᠨ ᠤ ᠲᠦᠷᠦᠯ ᠵᠦᠢᠯ ᠢᠶᠠᠨ ᠪᠠᠶᠠᠯᠢᠭᠵᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠬᠡᠮᠵᠢᠶᠡᠨ ᠤ ᠦᠷᠭᠦᠯᠵᠢᠯᠡᠨ ᠨᠡᠮᠡᠭᠳᠡᠬᠦ ᠶᠢ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号