ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠬᠦᠴᠦᠨ ᠢᠶᠠᠨ ᠨᠢᠭᠲᠠᠷᠠᠭᠤᠯᠵᠤ ᠮᠠᠨ ᠤ ᠬᠤᠲᠠ ᠶᠢᠨ ᠨᠠᠰᠤᠵᠢᠯ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠪᠡ
ᠨᠡᠶᠢᠲᠡᠯᠡᠭᠰᠡᠨ ᠴᠠᠭ᠄
2024/10/12
       ᠬᠡᠷᠬᠢᠨ ᠨᠠᠰᠤᠵᠢᠯ ᠤᠨ ᠠᠰᠠᠷᠠᠮᠵᠢ ᠶᠢᠨ ᠦᠢᠯᠡᠰ ᠢ ᠰᠠᠢᠲᠤᠷ ᠬᠥᠭᠵᠢᠭᠦᠯᠬᠦ ᠪᠣᠢ᠃ 10 ᠰᠠᠷ᠎ᠠ ᠶᠢᠨ 9 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠡᠷᠢᠶᠡᠨ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ︾ ᠶᠢᠨ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠵᠥᠪᠳᠡᠯᠴᠡᠭᠡ ᠥᠷᠨᠢᠭᠦᠯᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃      ᠬᠤᠷᠠᠯ ᠠᠴᠠ᠂ ᠨᠡᠶᠢᠭᠡᠮ ᠤᠨ ᠨᠠᠰᠤᠵᠢᠯ ᠤᠨ ᠬᠢᠷᠢ ᠲᠦᠪᠰᠢᠨ ᠤ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ᠂ ᠥᠪᠡᠷᠮᠢᠴᠡ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ︔ ᠬᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠥᠪᠵᠢᠭᠦᠯᠭᠡ ᠶᠢᠨ ᠲᠦᠷᠦᠯ ᠵᠦᠢᠯ ᠢ ᠰᠠᠶᠢᠲᠤᠷ ᠬᠢᠵᠦ᠂ ᠨᠠᠰᠤᠲᠠᠶᠢᠴᠤᠳ ᠤᠨ ᠬᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠢᠨᠲ᠋ᠧᠷ ᠰᠦᠯᠵᠢᠶᠡᠨ ᠤ ᠬᠡᠯᠪᠡᠷᠢ ᠶᠢ ᠬᠡᠷᠡᠭᠯᠡᠨ᠂ ᠤᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠢ ᠠᠯᠬᠤᠮ ᠠᠯᠬᠤᠮ ᠢᠶᠠᠷ ᠪᠠᠶᠢᠭᠤᠯᠵᠤ᠂ ︽ᠬᠦᠷᠢᠶ᠎ᠡ ᠦᠭᠡᠢ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ︾ ᠢ ᠪᠠᠶᠢᠭᠤᠯᠬᠤ ᠬᠡᠷᠡᠭᠲᠡᠢ︔ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠦᠷᠭᠦᠯᠵᠢᠯᠡᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠨ ᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号