ᠪᠦᠬᠦ ᠬᠤᠳᠠ ᠶᠢᠨ ᠰᠠᠯᠠᠭᠠᠨ ᠳᠡᠰ ︵ᠭᠤᠭᠴᠤᠭ᠎ᠠ︶ ᠤᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/10/12
   10 ᠰᠠᠷ᠎ᠠ ᠶᠢᠨ 10 ᠤ ᠡᠳᠦᠷ᠂ ᠪᠥᠬᠦ ᠬᠤᠲᠠ ᠶᠢᠨ ᠰᠠᠯᠠᠭᠠᠨ ᠲᠠᠰ ︵ᠭᠤᠭᠴᠤᠭ᠎ᠠ︶ ᠤᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ︵ᠨᠢᠭᠡᠳᠦᠭᠡᠷ ᠬᠤᠭᠤᠴᠠᠭ᠎ᠠ︶ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃    ᠠᠩᠭᠢ ᠡᠬᠢᠯᠡᠬᠦ ᠶᠣᠰᠣᠯᠠᠯ ᠳᠤ᠂ ᠪᠥᠬᠦ ᠬᠤᠲᠠ ᠶᠢᠨ ᠰᠠᠯᠠᠭᠠᠨ ᠤ ᠲᠠᠰ ︵ᠭᠤᠭᠴᠤᠭ᠎ᠠ︶ ᠤᠨ ᠺᠠᠳ᠋ᠷ ᠲᠥᠪᠯᠡᠷᠡᠭᠦᠯᠦᠨ ᠰᠤᠷᠤᠯᠴᠠᠬᠤ ᠪᠠᠷ ᠰᠢᠨ᠎ᠡ ᠭᠠᠷᠤᠭ᠎ᠠ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠪᠥᠬᠦ ᠲᠠᠯ᠎ᠠ ᠪᠠᠷ ᠡᠵᠡᠮᠰᠢᠵᠦ᠂ ᠰᠤᠷᠤᠯᠴᠠᠨ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠤᠬᠠᠭᠤᠯᠤᠨ ᠲᠠᠶᠢᠯᠪᠤᠷᠢᠯᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠲᠥᠯᠥᠪᠵᠢᠭᠦᠯᠬᠦ ᠲᠠᠯ᠎ᠠ ᠪᠠᠷ ᠦᠨᠡᠨ ᠠᠷᠭ᠎ᠠ ᠭᠠᠷᠭᠠᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠣᠯᠭᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠳᠤᠪᠤᠶᠢᠯᠭᠠᠵᠤ ᠂ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢ ᠴᠢᠩᠭ᠎ᠠ ᠪᠣᠳᠠᠲᠠᠢ ᠠᠳᠬᠤᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃    ᠲᠣᠰ ᠤᠳᠠᠭᠠᠨ ᠤ ᠪᠣᠯᠪᠠᠰᠤᠷᠠᠭᠤᠯᠤᠯ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠴᠤ ᠰᠣᠯᠢᠯᠴᠠᠵᠤ ᠰᠤᠳᠤᠯᠤᠨ ᠶᠠᠷᠢᠯᠴᠠᠬᠤ ᠣᠨᠣᠯ ᠤᠨ ᠰᠢᠯᠭᠠᠯᠲᠠ ᠶᠢᠨ ᠪᠣᠯᠪᠠᠰᠤᠷᠠᠭᠤᠯᠤᠯ ᠤᠨ ᠬᠡᠯᠪᠡᠷᠢ ᠶᠢ ᠠᠪᠴᠤ᠂ 3 ᠡᠳᠦᠷ ᠤᠨ ᠬᠤᠭᠤᠴᠠᠭ᠎ᠠ ᠲᠠᠢ᠂ ᠪᠥᠬᠦ ᠬᠤᠲᠠ ᠶᠢᠨ ᠰᠠᠯᠠᠭᠠᠨ ᠲᠠᠰ ᠤᠨ 410 ᠭᠠᠷᠤᠶ ᠺᠠᠳ᠋ᠷ ᠪᠣᠯᠪᠠᠰᠤᠷᠠᠭᠤᠯᠤᠯ ᠳᠤ ᠣᠷᠣᠯᠴᠠᠵᠠᠶ᠃ ᠲᠥᠪ ᠬᠤᠷᠢᠶ᠎ᠠ᠂ ᠥᠪᠥᠷ ᠮᠣᠩᠭᠤᠯ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠣᠯᠤᠨ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠢ ᠤᠷᠢᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠬᠦ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠲᠤᠰᠬᠠᠢ ᠰᠡᠳᠦᠪ ᠤᠨ ᠲᠣᠭᠤᠷᠢᠨ ᠳᠤ ᠬᠠᠪᠰᠤᠷᠤᠨ ᠵᠢᠯᠤᠭᠤᠳᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号