ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠵᠡᠷᠭᠡ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/10/12
     10 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃      ᠬᠤᠷᠠᠯ ᠠᠴᠠ 9 ᠰᠠᠷ᠎ᠠ ᠶᠢᠨ 26 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠢᠳᠡᠪᠬᠢᠲᠡᠶ ᠪᠠᠷ ᠳᠡᠭᠡᠭᠰᠢ ᠨᠡᠪᠲᠡᠷᠡᠯᠴᠡᠨ ᠵᠣᠯᠭᠠᠭᠤᠯᠵᠤ᠂ ᠪᠣᠭᠤᠮᠲᠠ ᠶᠢᠨ ᠠᠯᠤᠰ ᠬᠡᠲᠦ ᠶᠢᠨ ᠬᠥᠭᠵᠢᠯᠲᠡ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠷᠬᠡ ᠪᠣᠭᠤᠮᠲᠠ ᠶᠢ ᠲᠤᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠺᠠᠳ᠋ᠷ ᠤᠨ ᠡᠩᠨᠡᠭᠡᠨ ᠤ ᠢᠳᠡᠪᠬᠢ ᠴᠢᠨᠠᠷ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠳᠠᠶᠢᠴᠢᠯᠠᠨ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠬᠢ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠰᠠᠶᠢᠲᠤᠷ ᠬᠡᠷᠡᠭᠵᠢᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠰᠠᠶᠢᠲᠤᠷ ᠪᠠᠳᠠᠷᠠᠭᠤᠯᠵᠤ᠂ ᠪᠦᠬᠦ ᠬᠤᠳᠠ ᠶᠢᠨ ᠠᠮᠢᠳᠤᠯᠢᠭ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢ ᠵᠠᠰᠠᠵᠤ ᠰᠤᠷᠭᠠᠭᠤᠯᠢ ᠡᠷᠬᠢᠯᠡᠬᠦ ᠲᠦᠪᠰᠢᠨ ᠢ ᠳᠡᠭᠡᠭᠰᠢᠯᠡᠭᠦᠯᠵᠦ᠂ ᠨᠡᠩ ᠤᠯᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠺᠠᠳ᠋ᠷ ᠢ ᠬᠥᠮᠦᠵᠢᠭᠦᠯᠬᠦ ᠬᠡᠷᠡᠭᠲᠡᠢ᠃      ᠬᠤᠷᠠᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠲᠤ ᠴᠣᠭᠴᠠᠯᠠᠬᠤ ᠭᠤᠣᠯ ᠱᠤᠭᠤᠮ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠳᠡᠵᠦ᠂ ᠦᠵᠡᠯ ᠰᠠᠨᠠᠭᠠᠨ ᠤ ᠬᠥᠮᠦᠵᠢᠯ᠂ ᠦᠵᠡᠯ ᠰᠠᠨᠠᠭᠠᠨ ᠤ ᠮᠡᠳᠡᠷᠡᠮᠵᠢ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠦᠬᠦ ᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号