ᠰᠢᠯᠢ ᠶᠢᠨ ᠭᠤᠤᠯ ᠠᠶᠢᠮᠠᠭ ᠤᠨ ᠠᠵᠢᠯᠴᠢᠨ ᠤ ᠡᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2024/10/12
 
     10 ᠰᠠᠷ᠎ᠠ ᠶᠢᠨ 10 ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠵᠢᠯᠴᠢᠨ ᠤ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠰᠦᠨ ᠬᠤᠶ ᠸᠧᠨ ᠨᠡᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠬᠦ ᠵᠢᠴᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠪᠠᠶᠢᠴᠠᠭᠠᠨ ᠰᠤᠳᠤᠯᠬᠤ ᠳᠤᠭᠤᠶᠢᠯᠠᠩ ᠡᠷᠢᠶᠡᠨ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠳᠤ ᠬᠦᠷᠴᠦ᠂ ᠨᠢᠭᠡᠳᠦᠭᠡᠷ ᠹᠷᠣᠨᠲ ᠤᠨ ᠬᠢᠯᠢ ᠶᠢᠨ ᠬᠠᠮᠠᠭᠠᠯᠠᠯᠲᠠ ᠶᠢᠨ ᠠᠷᠠᠳ ᠤᠨ ᠲᠤᠰᠠᠯᠠᠬᠤ ᠴᠠᠭᠳᠠᠭ᠎ᠠ ᠶᠢ ᠲᠣᠬᠤᠨᠢᠭᠤᠯᠵᠤ᠂ ᠲᠡᠳᠡᠨ ᠤ ᠠᠮᠢᠳᠤᠷᠠᠯ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠬᠢᠯᠢ ᠬᠢᠵᠠᠭᠠᠷ ᠤᠨ ᠨᠢᠭᠡᠳᠦᠭᠡᠷ ᠹᠷᠣᠨᠲ ᠢ ᠪᠠᠲᠤ ᠰᠠᠬᠢᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠳᠤ ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠪᠡ᠃      ᠲᠣᠬᠤᠨᠢᠭᠤᠯᠬᠤ ᠠᠵᠢᠯᠯᠠᠭ᠎ᠠ ᠶᠢᠨ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ︽ᠤᠮᠠᠷᠠᠲᠤ ᠬᠢᠯᠢ ᠶᠢᠨ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃ ᠲᠠᠶᠢᠯᠪᠤᠷᠢᠯᠠᠭᠴᠢ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢᠨ ᠲᠣᠭᠤᠷᠢᠨ ᠳᠤ᠂ ᠶᠡᠭᠡ ᠠᠩᠭᠢ ᠶᠢᠨ ᠬᠢᠯᠢ ᠬᠢᠵᠠᠭᠠᠷ ᠢ ᠬᠠᠮᠠᠭᠠᠯᠠᠬᠤ ᠥᠷᠲᠡᠭᠡ᠂ ︽ᠴᠠᠭᠳᠠᠭᠠᠨ ᠤ ᠬᠥᠬᠡ ᠲᠦᠷᠭᠡᠨ ᠳᠣᠰᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ ᠬᠢᠯᠠᠰ ᠴᠡᠭ ᠤᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠪᠠᠶᠢᠳᠠᠯ ᠤᠨ ᠲᠤᠬᠠᠶ ᠨᠠᠷᠢᠨ ᠲᠠᠨᠢᠯᠴᠠᠭᠤᠯᠵᠤ᠂ ᠣᠯᠠᠨ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠷ᠎ᠡ ᠡᠭᠦᠯᠳᠡᠷ ᠰᠡᠳᠬᠢᠯ ᠨᠢᠭᠡᠳᠴᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠯᠠᠭᠤᠨ ᠳᠤᠯᠠᠭᠠᠨ ᠪᠠ ᠳᠣᠭᠳᠣᠯᠤᠯ ᠢ ᠦᠨᠡᠨ ᠬᠦ ᠮᠡᠳᠡᠷᠡᠭᠦᠯᠪᠡ᠃       ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠪᠣᠭᠤᠮᠲᠠ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠵᠢᠯᠲᠠᠨ ᠤ ᠭᠡᠷ᠂ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ᠂ ᠵᠢᠯᠣᠭᠤᠴᠢ ᠶᠢᠨ ᠭᠡᠷ᠂ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠦᠷᠳᠡᠭᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠦᠢᠯᠡᠳᠦᠯ ᠢ ᠪᠠᠳᠠᠷᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号