ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠪ ᠨᠠᠮᠤᠷ ᠤᠨ ᠤᠯᠠᠷᠢᠯ ᠤᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/10/12
    ᠣᠶᠢᠷ᠎ᠠ ᠶᠢᠨ ᠡᠳᠦᠷ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠪ ᠤᠰᠤ ᠪᠣᠷᠳᠣᠭᠤᠷ ᠤᠨ ᠬᠠᠮᠢᠶᠠᠷᠤᠯᠲᠠ ᠪᠠ ᠬᠠᠲᠠᠭᠰᠠᠨ ᠰᠠᠯᠠᠭᠠᠨ ᠤ ᠡᠯᠳᠡᠪ ᠡᠪᠡᠰᠦ ᠶᠢ ᠴᠡᠪᠡᠷᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠳᠣᠷ ᠬᠢᠬᠦ ᠶᠢᠨ ᠬᠠᠮᠲᠤ᠂ ᠨᠣᠭᠤᠭᠠᠨ ᠤᠷᠭᠤᠮᠠᠯ ᠤᠨ ᠭᠡᠮ ᠬᠤᠷᠣᠬᠠᠢ ᠶᠢᠨ ᠬᠥᠨᠥᠭᠡᠯ ᠡᠭᠦᠰᠬᠦ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠷᠪᠡᠬᠡᠢ ᠶᠢᠨ ᠲᠥᠷᠥᠯ᠂ ᠡᠪᠡᠳᠴᠢᠨ ᠤ ᠪᠠᠺᠲ᠋ᠧᠷᠢ ᠵᠡᠷᠭᠡ ᠡᠪᠣᠯᠵᠢᠭ᠍ᠰᠡᠨ ᠢ ᠴᠡᠪᠡᠷᠯᠡᠵᠦ᠂ ᠤᠷᠭᠤᠮᠠᠯ ᠤᠨ ᠤᠷᠭᠤᠯᠲᠠ ᠶᠢᠨ ᠪᠠᠶᠢᠳᠠᠯ ᠢ ᠨᠡᠮᠡᠭᠳᠡᠭᠦᠯᠦᠨ᠂ ᠰᠢᠮ᠎ᠡ ᠲᠡᠵᠢᠭᠡᠯ ᠢ ᠨᠡᠮᠡᠭᠳᠡᠭᠦᠯᠵᠦ᠂ ᠤᠷᠭᠤᠮᠠᠯ ᠤᠨ ᠢᠴᠡᠬᠡᠯᠡᠬᠦ ᠬᠤᠭᠤᠴᠠᠭᠠᠨ ᠤ ᠰᠠᠭᠤᠷᠢ ᠶᠢ ᠰᠠᠶᠢᠳᠣᠷ ᠪᠠᠳᠣᠳᠬᠠᠨ᠎ᠠ᠃      ᠴᠡᠴᠡᠷᠯᠢᠭ ᠤᠨ ᠠᠵᠢᠯᠲᠠᠳ ᠪᠥᠬᠦ ᠬᠤᠲᠠ ᠶᠢᠨ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠣᠷᠣᠨ ᠪᠦᠰᠡ ᠵᠢᠴᠢ ᠡᠯ᠎ᠡ ᠴᠡᠴᠡᠷᠯᠢᠭ᠂ ᠲᠠᠯᠠᠪᠠᠶ᠂ ᠴᠡᠴᠡᠷᠯᠢᠭ ᠵᠡᠷᠭᠡ ᠭᠠᠵᠠᠷ ᠤᠨ ᠴᠢᠬᠢ ᠮᠣᠳᠣ ᠶᠢ ᠦᠷᠭᠦᠯᠵᠢᠯᠡᠨ ᠵᠢᠭᠰᠠᠭᠠᠨ ᠪᠠᠶᠢᠴᠠᠭᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠤᠨ ᠲᠥᠷᠥᠯ ᠵᠦᠢᠯ ᠪᠠ ᠲᠠᠷᠬᠠᠯᠲᠠ ᠶᠢᠨ ᠪᠠᠶᠢᠳᠠᠯ ᠢ ᠣᠨᠣᠪᠴᠢᠲᠠᠶ ᠡᠵᠡᠮᠰᠢᠪᠡ᠃ ᠡᠭᠦᠨ ᠤ ᠬᠠᠮᠲᠤ ᠲᠤᠰᠬᠠᠶ ᠮᠡᠷᠭᠡᠵᠢᠯ ᠤᠨ ᠠᠵᠢᠯᠲᠠᠨ ᠢ ᠲᠣᠬᠢᠷᠠᠭᠤᠯᠤᠨ ᠵᠢᠯᠣᠭᠤᠳᠣᠯᠭ᠎ᠠ ᠬᠢᠯᠭᠡᠵᠦ᠂ ᠡᠪᠡᠳᠴᠢᠨ ᠬᠤᠷᠣᠬᠠᠶ ᠶᠢᠨ ᠬᠥᠨᠥᠭᠡᠯ ᠡᠭᠦᠰᠬᠦ ᠵᠢᠮ᠎ᠡ ᠶᠣᠰᠣ ᠶᠢ ᠣᠶᠢᠯᠠᠭᠠᠭᠤᠯᠵᠤ᠂ ᠰᠡᠷᠭᠡᠶᠢᠯᠡᠨ ᠵᠠᠰᠠᠬᠤ ᠠᠵᠢᠯ ᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠵᠦ᠂ ︽ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ︾ ᠵᠣᠷᠢᠯᠭ᠎ᠠ ᠳᠤ ᠬᠦᠷᠦᠭᠦᠯᠬᠦ ᠬᠡᠷᠡᠭᠲᠡᠶ᠃ ᠡᠪᠡᠳᠴᠢᠨ ᠬᠤᠷᠣᠬᠠᠶ ᠶᠢᠨ ᠭᠠᠮᠰᠢᠭ ᠡᠭᠦᠰᠬᠦ ᠶᠢ ᠴᠢᠩᠭ᠎ᠠ ᠬᠢᠵᠠᠭᠠᠷᠯᠠᠬᠤ ᠶᠢᠨ ᠲᠥᠯᠥᠭᠡ᠂ ᠡᠮ ᠢᠶᠠᠷ ᠤᠰᠤᠯᠠᠬᠤ ᠦᠨᠳᠦᠰᠦ᠂ ᠡᠮᠲᠦ ᠲᠡᠷᠭᠡ᠂ ᠡᠭᠦᠷᠬᠦ ᠳᠡᠪᠦᠷ᠎ᠡ ᠵᠡᠷᠭᠡ ᠬᠤᠤᠷ ᠪᠠᠭᠠᠲᠠᠶ ᠲᠠᠷᠢᠶᠠᠨ ᠡᠮ ᠰᠦᠷᠴᠢᠵᠦ᠂ ᠬᠠᠶᠢᠯᠠᠰᠤ ᠶᠢᠨ ᠵᠢᠵᠢᠭ ᠵᠠᠷᠠᠭ᠂ ᠮᠣᠳᠣᠨ ᠵᠠᠷᠮ᠎ᠠ ᠵᠡᠷᠭᠡ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢᠨ ᠬᠠᠮᠲᠤ ᠨᠣᠭᠤᠭᠠᠨ ᠤᠷᠭᠤᠮᠠᠯ ᠤᠨ ᠰᠢᠮ᠎ᠡ ᠲᠡᠵᠢᠭᠡᠯ ᠢ ᠨᠥᠬᠦᠪᠥᠷᠢᠯᠡᠨ᠎ᠡ᠃ ᠡᠭᠦᠨ ᠤ ᠬᠠᠮᠲᠤ ᠣᠷᠭᠠᠨᠢᠭ ᠪᠣᠷᠳᠣᠭᠤᠷ᠂ ᠠᠽᠣᠲ ᠪᠣᠷᠳᠣᠭᠤᠷ ᠵᠡᠷᠭᠡ ᠪᠣᠷᠳᠣᠭᠤᠷ ᠣᠷᠣᠭᠤᠯᠵᠤ᠂ ᠤᠷᠭᠤᠮᠠᠯ ᠤᠨ ᠨᠠᠮᠤᠷ ᠤᠨ ᠤᠯᠠᠷᠢᠯ ᠤᠨ ᠤᠷᠭᠤᠯᠲᠠ ᠶᠢᠨ ᠪᠠᠶᠢᠳᠠᠯ ᠢ ᠨᠡᠮᠡᠭᠳᠡᠭᠦᠯᠵᠦ᠂ ᠢᠴᠡᠭᠡᠯᠡᠬᠦ ᠬᠤᠭᠤᠴᠠᠭᠠᠨ ᠳᠤ ᠰᠢᠮ᠎ᠡ ᠲᠡᠵᠢᠭᠡᠯ ᠨᠥᠭᠡᠴᠡᠯᠡᠵᠦ ᠪᠠᠶᠢᠪᠠ᠃      ᠣᠳᠣᠬᠠᠨ ᠪᠣᠯᠲᠠᠯ᠎ᠠ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠪ ᠨᠢᠭᠡᠨᠲᠡ 6 ᠲᠣᠨ ᠡᠮ ᠰᠦᠷᠴᠢᠵᠦ 2 ᠲᠣᠨ ᠪᠣᠷᠳᠣᠭᠤᠷ ᠣᠷᠣᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号