【 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ 】 ᠪᠦᠬᠦ ᠠᠶᠢᠮᠠᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠬᠤ ᠬᠤᠷᠠᠯ ᠤᠨ ᠦᠵᠡᠭᠦᠯᠦᠯᠭᠡ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/12
    10 ᠰᠠᠷ᠎ᠠ ᠶᠢᠨ 9 ᠤ ᠡᠳᠦᠷ᠂ ᠪᠥᠬᠦ ᠠᠶᠢᠮᠠᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠬᠤ ᠬᠤᠷᠠᠯ ᠤᠨ ᠤᠷᠠᠯᠢᠭ ᠤᠨ ᠦᠵᠡᠭᠦᠯᠦᠯᠭᠡ ᠶᠢᠨ ᠠᠵᠢᠯᠯᠠᠭ᠎ᠠ ᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃       ᠶᠠᠷᠢᠶ᠎ᠠ ᠨᠢ ᠭᠦᠭᠦᠷᠭᠡ᠂ ᠤᠷᠠᠯᠢᠭ ᠨᠢ ᠳᠠᠯᠠᠪᠴᠢ᠃ ᠲᠤᠰ ᠤᠳᠠᠭᠠᠨ ᠤ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠨᠢ ︽ᠬᠦᠰᠡᠯ ᠵᠡᠭᠦᠳᠦ ᠪᠠᠨ ᠡᠬᠢᠯᠡᠭᠦᠯᠬᠦ︾᠂ ︽ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ︾ ᠪᠠ ︽ᠢᠷᠡᠭᠡᠳᠦᠢ ᠶᠢᠨ ᠪᠠᠷᠠᠯᠠᠯ︾ ᠭᠡᠬᠦ ᠭᠤᠷᠪᠠᠨ ᠪᠦᠯᠦᠭ ᠢᠶᠠᠷ ᠪᠦᠷᠢᠯᠳᠦᠵᠡᠢ᠃ ᠪᠠᠭᠰᠢ ᠰᠤᠷᠤᠭᠴᠢᠳ ᠮᠣᠷᠢᠨ ᠬᠤᠭᠤᠷ ᠢᠶᠠᠷ ︽ᠲᠦᠮᠡᠨ ᠠᠭᠲᠠ ᠶᠢᠨ ᠲᠦᠪᠡᠷᠭᠡᠨ︾ ᠢ ᠬᠥᠭᠵᠢᠮᠳᠡᠵᠦ᠂ ︽ᠶᠠᠭᠠᠷᠠᠯᠳᠠᠢ︾᠂ ︽ᠴᠠᠩ ᠠᠨ ᠭᠤᠷᠪᠠᠨ ᠲᠦᠮᠡᠨ ᠭᠠᠵᠠᠷ︾᠂ ︽ᠳᠤᠮᠳᠠᠳᠤ ᠶᠢᠨ ᠳᠡᠣᠬᠡ ᠶᠢ ᠤᠩᠰᠢᠬᠤ︾ ᠵᠢᠴᠢ ᠤᠯᠠᠨ ᠲᠦᠮᠡᠨᠴᠢ ᠪᠥᠵᠢᠭ ︽ᠵᠠᠩᠭᠠᠷ︾ ᠵᠡᠷᠭᠡ ᠲᠣᠭᠯᠠᠯᠲᠠ ᠶᠢ ᠤᠶᠠᠩᠭᠠᠯᠠᠨ ᠤᠩᠰᠢᠬᠤ ᠪᠠᠷ ᠳᠠᠮᠵᠢᠭᠤᠯᠤᠨ᠂ ᠦᠭᠡ ᠬᠡᠯᠡᠨ ᠤ ᠰᠢᠯᠢᠳᠡᠭ ᠰᠦᠨᠡᠰᠦ ᠪᠠ ᠤᠷᠠᠯᠢᠭ ᠤᠨ ᠡᠯᠴᠢ ᠪᠣᠯᠵᠤ᠂ ᠨᠢᠭᠡ ᠤᠳᠠᠭᠠᠨ ᠤ ᠦᠪᠡᠳᠡᠭᠰᠢ ᠨᠠᠶᠢᠷ ᠢᠶᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠢᠵᠠᠭᠠᠯᠠᠰᠢ ᠦᠭᠡᠢ ᠲᠠᠲᠠᠬᠤ ᠬᠦᠴᠦᠨ ᠪᠠ ᠭᠦᠨ ᠵᠤᠵᠠᠭᠠᠨ ᠠᠭᠤᠯᠤᠭᠳᠠᠬᠤᠨ ᠢ ᠲᠠᠶᠢᠯᠪᠤᠷᠢᠯᠠᠵᠠᠢ᠃       ᠤᠷᠠᠯᠢᠭ ᠤᠨ ᠨᠡᠷ᠎ᠡ ᠪᠠᠷ ᠰᠤᠷᠭᠠᠨ ᠬᠦᠮᠦᠵᠢᠯ ᠢ ᠬᠡᠷᠡᠭᠵᠢᠭᠦᠯᠬᠦ᠃ ᠰᠢᠯᠦᠭ ᠢᠶᠠᠷ ᠣᠩᠭᠤᠴᠠ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠭᠦᠨ ᠵᠤᠵᠠᠭᠠᠨ ᠠᠭᠤᠯᠬᠤᠨ ᠢ ᠠᠴᠢᠶᠠᠯᠠᠵᠤ᠂ ᠲᠡᠦᠬᠡ ᠶᠢᠨ ᠤᠷᠳᠤ ᠵᠠᠮ ᠢ ᠲᠤᠭᠤᠯᠵᠤ᠂ ᠦᠭᠡ ᠬᠡᠯᠡᠨ ᠤ ᠭᠤᠸ᠎ᠠ ᠰᠠᠶᠢᠬᠠᠨ ᠢ ᠲᠠᠪᠴᠠᠩ ᠳᠡᠭᠡᠷ᠎ᠡ ᠳᠡᠯᠭᠡᠷᠡᠭᠦᠯᠦᠨ᠎ᠡ᠃ ᠨᠢᠭᠡ ᠤᠳᠠᠭᠠᠨ ᠤ ᠠᠮᠢᠳᠤᠯᠢᠭ ᠰᠣᠶᠣᠯ ᠤᠨ ᠦᠵᠡᠮᠵᠢ ᠨᠢ ᠦᠵᠡᠭᠴᠢᠳ ᠲᠤ ᠦᠭᠡ ᠬᠡᠯᠡᠨ ᠤ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠯ ᠢ ᠮᠡᠳᠡᠷᠡᠭᠦᠯᠪᠡ᠃      ᠲᠣᠰ ᠤᠳᠠᠭᠠᠨ ᠤ ᠤᠷᠠᠯᠢᠭ ᠤᠨ ᠦᠵᠡᠭᠦᠯᠦᠯᠭᠡ ᠪᠠᠷ ᠳᠠᠮᠵᠢᠭᠤᠯᠤᠨ᠂ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠤᠯᠴᠠᠯᠭ᠎ᠠ ᠶᠢᠨ ᠳᠤᠮᠳᠠᠬᠢ ᠦᠷ᠎ᠡ ᠪᠦᠲᠦᠭᠡᠯ ᠪᠠ ᠴᠤᠭ ᠵᠢᠪᠬᠤᠭ᠎ᠠ ᠶᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠰᠤᠷᠭᠠᠭᠤᠯᠢ ᠶᠢᠨ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠬᠥᠮᠦᠵᠢᠯ ᠤᠨ ᠲᠤᠬᠠᠶ ᠭᠦᠨᠵᠡᠭᠡᠶ ᠣᠶᠢᠯᠠᠭᠠᠯᠲᠠ ᠪᠠ ᠴᠥᠬᠦᠷᠡᠰᠢ ᠥᠬᠡᠶ ᠬᠥᠭᠡᠭᠡᠴᠡᠯᠳᠦᠯ ᠢ ᠳᠠᠮᠵᠢᠭᠤᠯᠵᠠᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号