【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠮᠦᠨ᠎ᠡ ᠭᠤᠷᠪᠠᠨ ᠤᠯᠠᠷᠢᠯ ᠳᠤ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ 2615 ᠴᠤᠪᠤᠭ᠎ᠠ ᠲᠡᠷᠭᠡ
ᠨᠡᠶᠢᠲᠡᠯᠡᠭᠰᠡᠨ ᠴᠠᠭ᠄
2024/10/14
     ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2615 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ᠃ ᠡᠭᠦᠨ ᠳᠤ ᠬᠢᠯᠢ ᠠᠴᠠ 1414 ᠤᠳᠠᠭ᠎ᠠ ᠭᠠᠷᠴᠤ᠂ ᠠᠳᠠᠯᠢ ᠬᠤᠭᠤᠴᠠᠭᠠᠨ ᠤ ᠬᠢ ᠠᠴᠠ 6.2% ᠪᠠᠷ ᠨᠡᠮᠡᠭᠳᠡᠵᠦ᠂ ᠬᠢᠯᠢ ᠪᠠᠷ ᠣᠷᠣᠵᠤ ᠢᠷᠡᠭᠰᠡᠨ 1201 ᠴᠤᠪᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ᠃      ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠡᠯ᠎ᠡ ᠵᠦᠢᠯ ᠤᠨ ᠲᠤᠭ᠎ᠠ ᠪᠠᠷᠢᠮᠲᠠ ᠴᠥᠮ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠬᠡᠮᠵᠢᠶ᠎ᠡ 327.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.0% ᠢᠶᠠᠷ ᠨᠡᠮᠡᠭᠳᠡᠵᠦ᠂ ᠲᠡᠭᠡᠭᠡᠪᠦᠷᠢᠯᠡᠬᠦ ᠪᠠᠷᠢᠮᠵᠢᠶᠠᠲᠤ ᠬᠠᠶᠢᠷᠴᠠᠭ 29.9 ᠲᠦᠮᠡᠨ ᠬᠠᠶᠢᠷᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠵᠡᠢ᠃ ᠪᠠᠷᠠᠭ᠎ᠠ ᠨᠢ ᠮᠠᠰᠢᠨ ᠲᠡᠷᠭᠡ᠂ ᠬᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠶ ᠲᠥᠷᠥᠯ ᠵᠦᠢᠯ ᠢ ᠬᠠᠮᠤᠷᠴᠤ᠂ ᠬᠢᠯᠢ ᠠᠴᠠ ᠭᠠᠷᠬᠤ ᠳᠤ ᠭᠤᠤᠯᠳᠠᠭᠤ ᠺᠣᠮᠫᠢᠦ᠋ᠲ᠋ᠧᠷ᠂ ᠯᠢᠲ᠋ᠢ ᠳ᠋ᠢᠶᠠᠨ ᡂᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠥᠷᠲᠡᠭ ᠲᠠᠢ ︽ᠳᠤᠮᠳᠠᠳᠤ ᠤᠯᠤᠰ ᠤᠨ ᠦᠢᠯᠡᠳᠬᠡᠯ︾ ᠢ ᠠᠴᠢᠶᠠᠯᠠᠵᠤ᠂ ᠬᠢᠯᠢ ᠳᠤ ᠣᠷᠣᠬᠤ ᠳᠤ ᠭᠤᠤᠯᠳᠠᠭᠤ ᠧᠦ᠋ᠷᠣᠫᠠ ᠲᠢᠪ ᠤᠨ ᠣᠨᠴᠠᠯᠢᠭ ᠲᠠᠢ ᠮᠠᠰᠢᠨ ᠲᠡᠷᠭᠡ᠂ ᠤᠯᠠᠭᠠᠨ ᠠᠷᠢᠬᠢ᠂ ᠠᠷᠤᠷ᠎ᠠ ᠶᠢᠨ ᠲᠣᠰᠣ ᠵᠡᠷᠭᠡ ᠶᠢ ᠠᠴᠢᠶᠠᠯᠠᠨ᠎ᠠ᠃      ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠣᠯᠤᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠳᠤᠮᠳᠠ ᠱᠤᠭᠤᠮ ᠤᠨ ᠵᠠᠮ ᠳᠡᠭᠡᠷᠡᠬᠢ ᠵᠠᠩᠭᠢᠯᠠᠭ᠎ᠠ ᠶᠢᠨ ᠴᠡᠭ ᠪᠣᠯᠤᠨ᠎ᠠ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠭᠧᠷᠮᠠᠨ᠂ ᠫᠤᠯᠠᠨᠳ᠋᠂ ᠮᠣᠩᠭᠤᠯ ᠵᠡᠷᠭᠡ 12 ᠤᠯᠤᠰ ᠤᠨ 72 ᠦᠷᠳᠡᠭᠡ ᠴᠡᠭ ᠪᠤᠶᠤ ᠬᠤᠳᠠ ᠶᠢ ᠬᠤᠯᠪᠣᠵᠤ᠂ ᠤᠯᠤᠰ ᠤᠨ ᠳᠣᠲᠣᠭᠠᠳᠤ ᠳᠤ 24 ᠮᠤᠵᠢ ᠬᠤᠳᠠ ᠶᠢᠨ 64 ᠬᠤᠳᠠ ᠶᠢ ᠬᠠᠮᠤᠷᠪᠠ᠃ ᠣᠳᠣᠬᠠᠨ ᠪᠣᠯᠲᠠᠯ᠎ᠠ᠂ ᠨᠡᠶᠢᠲᠡ 16000 ᠭᠠᠷᠤᠢ ᠴᠤᠪᠤᠭ᠎ᠠ ᠲᠡᠷᠭᠡ ᠡᠬᠢᠯᠡᠭᠦᠯᠦᠭᠰᠡᠨ ᠪᠠᠶᠢᠨ᠎ᠠ᠃      ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠤᠨ ᠡᠮᠦᠨ᠎ᠡ᠂ ᠡᠷᠢᠶᠡᠨ ᠲᠡᠮᠦᠷ ᠵᠠᠮ ᠤᠨ ᠪᠣᠭᠤᠮᠲᠠ ︽ᠲᠣᠭᠠᠴᠢᠯᠠᠭᠰᠠᠨ ᠪᠣᠭᠤᠮᠲᠠ︾ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠳᠠᠪᠠᠭᠤᠯᠢᠭ ᠲᠤ ᠲᠦᠰᠢᠭᠯᠡᠨ᠂ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠰᠠᠭᠠᠳ ᠥᠬᠡᠶ ᠨᠡᠪᠲᠡᠷᠡᠬᠦ ᠵᠠᠮ︾ ᠵᠢᠴᠢ ᠲᠤᠰᠬᠠᠶ ᠴᠣᠩᠬᠤ ᠶᠢ ᠬᠥᠳᠡᠯᠦᠩᠭᠦᠶ ᠪᠠᠷ ᠰᠢᠯᠢᠳᠡᠭᠵᠢᠭᠦᠯᠦᠨ᠂ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠬᠢᠨᠠᠨ ᠬᠠᠷᠭᠤᠭᠤᠯᠬᠤ᠂ ᠤᠷᠢᠳ ᠢᠶᠠᠷ ᠪᠠᠶᠢᠴᠠᠭᠠᠨ ᠰᠢᠯᠭᠠᠬᠤ᠂ ᠰᠣᠯᠢᠵᠤ ᠠᠴᠢᠶᠠᠯᠠᠵᠤ ᠶᠠᠪᠤᠭᠤᠯᠬᠤ ᠵᠡᠷᠭᠡ ᠭᠤᠭᠴᠤᠭ᠎ᠠ ᠶᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号