ᠮᠤᠩᠭᠤᠯ ᠤᠯᠤᠰ ᠤᠨ 479 ᠰᠤᠷᠤᠭᠴᠢ ᠪᠤᠭᠤᠮᠳᠠ ᠶᠢᠨ ᠬᠤᠳᠠ ᠳᠤ ᠰᠢᠨ᠎ᠠ ᠠᠮᠢᠵᠢᠷᠠᠯ ᠤᠨ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/14
           ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠠᠴᠠ ᠪᠣᠯᠤᠭᠰᠠᠨ ᠠᠵᠠ ᠲᠣᠬᠢᠶᠠᠯ ᠢ ᠰᠠᠨᠠᠭᠠᠴᠢᠯᠠᠭ᠎ᠠ ᠠᠴᠠ ᠪᠠᠨ ᠡᠵᠡᠮᠳᠡᠵᠦ᠂ ᠭᠠᠳᠠᠭᠠᠳᠤ ᠳᠤ ᠰᠤᠷᠤᠯᠴᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠮᠣᠩᠭᠤᠯ ᠤᠯᠤᠰ ᠤᠨ ᠬᠠᠷᠢᠶ᠎ᠠ ᠲᠠᠢ ᠰᠤᠷᠤᠭᠴᠢᠳ ᠢ ᠲᠠᠲᠠᠵᠤ ᠰᠤᠷᠤᠯᠴᠠᠭᠤᠯᠵᠤ᠂ ᠬᠡᠦᠬᠡᠳ ᠤᠨ ᠴᠡᠴᠡᠷᠯᠢᠭ ᠠᠴᠠ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠬᠦᠷᠲᠡᠯᠡᠬᠢ ᠡᠯ᠎ᠡ ᠰᠤᠷᠤᠯᠭ᠎ᠠ ᠶᠢᠨ ᠱᠠᠲᠤ ᠬᠦᠷᠲᠡᠯᠡᠬᠢ ᠭᠠᠳᠠᠭᠠᠳᠤ ᠰᠤᠷᠭᠠᠨ ᠬᠥᠮᠦᠵᠢᠯ ᠢ ᠠᠯᠬᠤᠮ ᠠᠯᠬᠤᠮ ᠢᠶᠠᠷ ᠪᠡᠶᠡᠯᠡᠭᠦᠯᠵᠦ᠂ ᠭᠠᠳᠠᠭᠠᠳᠤ ᠰᠤᠷᠭᠠᠨ ᠬᠥᠮᠦᠵᠢᠯ ᠨᠢ ᠬᠢᠯᠢ ᠬᠢᠵᠠᠭᠠᠷ ᠤᠨ ᠵᠢᠵᠢᠭ ᠬᠤᠲᠠ ᠶᠢᠨ ᠰᠤᠷᠭᠠᠨ ᠬᠥᠮᠦᠵᠢᠯ ᠤᠨ ᠣᠨᠴᠠᠯᠢᠭ ᠪᠣᠯᠤᠭᠰᠠᠨ ᠪᠠᠶᠢᠨ᠎ᠠ᠃ ᠡᠨᠡ ᠵᠢᠯ ᠡᠷᠢᠶᠡᠨ ᠬᠤᠲᠠ ᠶᠢᠨ ᠣᠯᠠᠨ ᠤᠯᠤᠰ ᠤᠨ ᠳᠡᠭᠡᠳᠦ ᠰᠤᠷᠭᠠᠭᠤᠯᠢ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ  ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠭᠴᠢ ᠨᠠᠶᠢᠳᠠ 479 ᠪᠠᠶᠢᠨ᠎ᠠ᠃
     ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠠᠳᠠᠭᠠᠳᠤ ᠳᠤ ᠵᠣᠷᠢᠭᠤᠯᠤᠭᠰᠠᠨ ᠬᠢᠲᠠᠳ ᠬᠡᠯᠡᠨ ᠤ ᠪᠣᠯᠪᠠᠰᠤᠷᠠᠯ ᠤᠨ ᠬᠡᠯᠲᠡᠰ ᠤᠨ ᠳᠤᠮᠳᠠ ᠵᠡᠷᠭᠡ ᠶᠢᠨ ᠠᠩᠭᠢ ᠶᠢᠨ ᠬᠢᠴᠢᠶᠡᠯ ᠤᠨ ᠭᠡᠷ ᠲᠤ᠂ ᠮᠣᠩᠭᠤᠯ ᠤᠯᠤᠰ ᠠᠴᠠ ᠢᠷᠡᠭᠰᠡᠨ 40 ᠭᠠᠷᠤᠢ ᠰᠤᠷᠤᠭᠴᠢ ᠠᠳᠡ ᠨᠢᠭᠡᠨᠲᠡ ᠨᠢᠭᠡ ᠵᠢᠯ ᠭᠠᠷᠤᠢ ᠰᠤᠷᠤᠯᠴᠠᠵᠤ ᠠᠮᠢᠳᠤᠷᠠᠵᠠᠢ᠃ ᠣᠶᠢᠷ᠎ᠠ ᠳᠤ ᠂ ᠰᠤᠷᠤᠭᠴᠢᠳ ᠬᠢᠲᠠᠳ ᠬᠡᠯᠡᠨ ᠤ ᠬᠡᠮᠵᠢᠬᠦᠷ ᠦᠭᠡᠰ ᠤᠨ ᠲᠣᠭᠤᠷᠢᠨ ᠳᠤ ᠪᠣᠯᠪᠠᠰᠣᠷᠠᠯ ᠦᠷᠨᠢᠬᠦᠯᠪᠡ᠃ ᠡᠯᠪᠡᠭ ᠪᠠᠶᠠᠯᠢᠭ ᠬᠡᠯᠡᠨ ᠤ ᠲᠠᠲᠠᠬᠤ ᠬᠦᠴᠦᠨ ᠪᠠ ᠰᠣᠶᠣᠯ ᠤᠨ ᠠᠭᠤᠯᠭ᠎ᠠ ᠠᠭᠤᠯᠤᠭᠳᠠᠵᠤ ᠪᠠᠶᠢᠳᠠᠭ᠃
    ᠮᠣᠩᠭᠤᠯ ᠤᠯᠤᠰ ᠤᠨ ᠭᠠᠳᠠᠭᠠᠳᠤ ᠳᠤ ᠰᠤᠷᠤᠯᠴᠠᠭᠴᠢ ᠮᠢᠴᠢᠳᠮ᠎ᠠ᠄ ︽ᠥᠩᠭᠡᠷᠡᠭᠰᠡᠨ ᠵᠢᠯ ᠪᠢ ᠡᠷᠢᠶᠡᠨ ᠳᠤ ᠢᠷᠡᠵᠦ ᠬᠢᠲᠠᠳ ᠬᠡᠯᠡ ᠰᠤᠷᠴᠤ ᠡᠬᠢᠯᠡᠵᠡᠢ᠃ ᠮᠢᠨᠦ ᠦᠵᠡᠬᠦ ᠪᠠᠷ ᠰᠤᠷᠭᠠᠭᠤᠯᠢ ᠶᠢᠨ ᠣᠷᠴᠢᠨ ᠲᠣᠭᠤᠷᠢᠨ ᠨᠡᠯᠢᠶᠡᠳ ᠴᠡᠪᠡᠷ ᠴᠡᠮᠴᠡᠭᠡᠷ᠂ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ᠃ ᠪᠢ ᠬᠢᠲᠠᠳ ᠬᠡᠯᠡᠨ ᠳᠤ ᠶᠡᠭᠡ ᠳᠤᠷᠠᠲᠠᠢ ᠪᠥᠭᠡᠳ ᠳᠤᠮᠳᠠᠳᠤ ᠤᠯᠤᠰ ᠤᠨ ᠰᠣᠶᠣᠯ ᠳᠤ ᠴᠤ ᠶᠡᠭᠡ ᠳᠤᠷᠠᠲᠠᠢ ᠤᠴᠢᠷ ᠠᠴᠠ ᠠᠳᠡ ᠦᠷᠭᠦᠯᠵᠢᠯᠡᠨ ᠬᠢᠲᠠᠳ ᠬᠡᠯᠡ ᠰᠤᠷᠤᠨ᠎ᠠ︾ ᠭᠡᠪᠡ᠃
     ᠵᠢᠯ ᠭᠠᠷᠤᠶ ᠶᠢᠨ ᠰᠤᠷᠤᠯᠴᠠᠯᠭ᠎ᠠ ᠪᠠᠷ ᠳᠠᠮᠵᠢᠭᠠᠳ ᠳᠤᠮᠳᠠ ᠵᠡᠷᠭᠡ ᠶᠢᠨ ᠠᠩᠭᠢ ᠶᠢᠨ ᠰᠤᠷᠤᠭᠴᠢᠳ ᠨᠢᠭᠡᠨᠲᠡ ᠳᠥᠭᠦᠮᠬᠡᠨ ᠢᠶᠠᠷ ᠬᠢᠲᠠᠳ ᠬᠡᠯᠡ ᠪᠠᠷ ᠰᠣᠯᠢᠯᠴᠠᠵᠤ ᠴᠢᠳᠠᠭᠰᠠᠨ ᠪᠠᠶᠢᠨ᠎ᠠ᠃ ᠦᠭᠡ ᠬᠡᠯᠡ ᠪᠠᠨ ᠠᠭᠠᠵᠢᠮ ᠢᠶᠠᠷ ᠡᠵᠡᠮᠰᠢᠬᠦ ᠶᠢᠨ ᠳᠠᠭᠠᠤ ᠰᠤᠷᠤᠭᠴᠢᠳ ᠢᠷᠡᠭᠡᠳᠦᠢ ᠶᠢᠨ ᠬᠥᠭᠵᠢᠯ ᠤᠨ ᠲᠥᠯᠥᠪᠯᠡᠭᠡ ᠶᠢ ᠪᠤᠢ ᠪᠣᠯᠭᠠᠭᠰᠠᠨ ᠪᠠᠶᠢᠨ᠎ᠠ᠃      ᠮᠣᠩᠭᠤᠯ ᠤᠯᠤᠰ ᠤᠨ ᠰᠣᠷᠣᠭᠴᠢ ᠠᠵᠠᠵᠢᠶᠠᠭ᠎ᠠ᠄ ︽ᠬᠢᠲᠠᠳ ᠬᠡᠯᠡ ᠪᠣᠯ ᠳᠡᠯᠡᠬᠡᠢ ᠶᠢᠨ ᠬᠡᠯᠡ ᠪᠣᠯᠬᠤᠷ ᠪᠢ ᠬᠢᠲᠠᠳ ᠬᠡᠯᠡ ᠰᠤᠷᠤᠯᠴᠠᠬᠤ ᠪᠠᠷ ᠰᠢᠢᠳᠴᠡᠢ᠃ ᠮᠢᠨᠦ ᠬᠠᠷᠠᠯᠲᠠ ᠪᠣᠯ ᠳᠡᠶᠢᠸᠠᠨ ᠤ ᠴᠢᠩᠬᠤᠸᠠ ᠶᠡᠭᠡ ᠰᠤᠷᠭᠠᠭᠤᠯᠢ ᠳᠤ ᠰᠢᠯᠭᠠᠭᠳᠠᠨ ᠣᠷᠣᠶ᠎ᠠ ᠭᠡᠵᠦ ᠪᠣᠳᠣᠵᠤ  ᠪᠠᠶᠢᠨ᠎ᠠ᠂ ᠪᠢ ᠪᠤᠰᠤᠳ ᠢ ᠬᠠᠪᠰᠤᠷᠬᠤ ᠳᠤᠷᠠᠲᠠᠢ︾ ᠭᠡᠪᠡ᠃      ︽ᠡᠷᠢᠶᠡᠨ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠢᠷᠡᠭᠡᠳ ᠮᠠᠰᠢ ᠰᠠᠶᠢᠨ ᠰᠠᠨᠠᠬᠳᠠᠵᠤ ᠪᠠᠶᠢᠨ᠎ᠠ᠂ ᠮᠠᠨ ᠤ ᠰᠤᠷᠭᠠᠭᠤᠯᠢ ᠶᠢᠨ ᠣᠷᠴᠢᠨ ᠲᠣᠭᠤᠷᠢᠨ ᠮᠠᠰᠢ ᠠᠷᠢᠭᠤᠨ ᠴᠡᠪᠡᠷ ᠪᠣᠯᠬᠤᠷ ᠮᠠᠨ ᠤ ᠰᠤᠷᠭᠠᠭᠤᠯᠢ ᠶᠢᠨ ᠡᠯ᠎ᠡ ᠲᠥᠷᠥᠯ ᠤᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠦᠷᠢᠨ ᠭᠦᠢᠴᠡᠳ᠂ ᠬᠢᠲᠠᠳ ᠬᠡᠯᠡ ᠰᠤᠷᠴᠤ ᠬᠤᠵᠢᠮ ᠤᠨ ᠠᠵᠢᠯ ᠳᠤ ᠬᠠᠪᠰᠤᠷᠤᠯᠭ᠎ᠠ ᠲᠠᠢ︾ ᠭᠡᠵᠦ ᠬᠡᠯᠡᠪᠡ᠃     ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠪᠦᠦ ᠰᠢᠤ ᠬᠤᠸᠠ᠄ ︽ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠳᠤᠮᠳᠠᠳᠤ ᠤᠯᠤᠰ ᠤᠨ ᠰᠣᠶᠣᠯ ᠤᠨ ᠮᠡᠳᠡᠯᠭᠡ ᠶᠢ ᠨᠡᠩ ᠣᠯᠠᠨ ᠡᠵᠡᠮᠰᠢᠭᠦᠯᠬᠦ ᠶᠢᠨ ᠲᠥᠯᠥᠭᠡ᠂ ᠪᠠᠰᠠ ᠲᠡᠳᠡᠨ ᠳᠤ ᠶᠡᠷᠦᠩᠬᠡᠶᠢᠯᠡᠭᠰᠡᠨ ᠦᠢᠯᠡᠳᠦᠯᠭᠡ ᠶᠢᠨ ᠬᠢᠴᠢᠶᠡᠯ ᠣᠷᠣᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠣᠶᠢᠯᠠᠭᠠᠭᠤᠯᠵᠠᠢ᠃︾      ᠡᠷᠢᠶᠡᠨ ᠬᠤᠳᠠ ᠨᠢ ᠳᠤᠮᠳᠠᠳᠤ ᠤᠯᠤᠰ ᠪᠣᠯᠤᠨ ᠮᠣᠩᠭᠤᠯ ᠤᠯᠤᠰ ᠤᠨ ᠬᠠᠮᠲᠤ ᠶᠢᠨ ᠴᠡᠴᠡᠭᠯᠡᠯ ᠬᠥᠭᠵᠢᠯ ᠢ ᠠᠬᠢᠭᠤᠯᠬᠤ ᠴᠢᠬᠤᠯᠠ ᠬᠤᠯᠪᠣᠭᠠᠰᠤ ᠪᠤᠯᠵᠤ᠂ 1992 ᠣᠨ ᠠᠴᠠ ᠤᠳᠤ ᠪᠣᠯᠲᠠᠯ᠎ᠠ᠂ ᠮᠠᠨ ᠤ ᠬᠤᠳᠠ ᠨᠢᠭᠡᠨᠲᠡ ᠭᠠᠳᠠᠭᠠᠳᠤ ᠶᠢᠨ ᠤᠯᠤᠰ ᠤᠨ ᠬᠠᠷᠢᠶ᠎ᠠ ᠶᠢᠨ ᠰᠤᠷᠤᠭᠴᠢᠳ ᠢ 6000 ᠭᠠᠷᠤᠢ ᠬᠥᠮᠥᠵᠢᠭᠦᠯᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号