| ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠡᠷᠢᠶᠡᠨ ᠲᠡᠮᠦᠷ | ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2615 | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ᠃ ᠡᠭᠦᠨ ᠳᠤ ᠬᠢᠯᠢ ᠠᠴᠠ 1414 | ᠤᠳᠠᠭ᠎ᠠ ᠭᠠᠷᠴᠤ᠂ ᠠᠳᠠᠯᠢ ᠬᠤᠭᠤᠴᠠᠭᠠᠨ ᠤ ᠬᠢ ᠠᠴᠠ 6.2% ᠪᠠᠷ ᠨᠡᠮᠡᠭᠳᠡᠵᠦ᠂ ᠬᠢᠯᠢ ᠪᠠᠷ ᠣᠷᠣᠵᠤ ᠢᠷᠡᠭᠰᠡᠨ | 1201 ᠴᠤᠪᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ᠃ | ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ | ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠡᠯ᠎ᠡ ᠵᠦᠢᠯ ᠤᠨ ᠲᠤᠭ᠎ᠠ ᠪᠠᠷᠢᠮᠲᠠ ᠴᠥᠮ | ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠬᠡᠮᠵᠢᠶ᠎ᠡ 327. | 8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.0% ᠢᠶᠠᠷ ᠨᠡᠮᠡᠭᠳᠡᠵᠦ᠂ ᠲᠡᠭᠡᠭᠡᠪᠦᠷᠢᠯᠡᠬᠦ | ᠪᠠᠷᠢᠮᠵᠢᠶᠠᠲᠤ ᠬᠠᠶᠢᠷᠴᠠᠭ 29.9 ᠲᠦᠮᠡᠨ ᠬᠠᠶᠢᠷᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.3% ᠪᠠᠷ | ᠨᠡᠮᠡᠭᠳᠡᠵᠡᠢ᠃ ᠪᠠᠷᠠᠭ᠎ᠠ ᠨᠢ ᠮᠠᠰᠢᠨ ᠲᠡᠷᠭᠡ᠂ ᠬᠡᠷ ᠤᠨ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠮᠡ ᠭᠠᠷᠤᠶ | ᠲᠥᠷᠥᠯ ᠵᠦᠢᠯ ᠢ ᠬᠠᠮᠤᠷᠴᠤ᠂ ᠬᠢᠯᠢ ᠠᠴᠠ ᠭᠠᠷᠬᠤ ᠳᠤ ᠭᠤᠤᠯᠳᠠᠭᠤ ᠺᠣᠮᠫᠢᠦ᠋ᠲ᠋ᠧᠷ᠂ ᠯᠢᠲ᠋ᠢ ᠳ᠋ᠢᠶᠠᠨ ᡂᠢ᠂ ᠰᠢᠨ᠎ᠡ | ᠡᠨᠧᠷᠭᠢ ᠶᠢᠨ ᠮᠠᠰᠢᠨ ᠲᠡᠷᠭᠡ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠥᠷᠲᠡᠭ ᠲᠠᠢ ︽ | ᠳᠤᠮᠳᠠᠳᠤ ᠤᠯᠤᠰ ᠤᠨ ᠦᠢᠯᠡᠳᠬᠡᠯ︾ ᠢ ᠠᠴᠢᠶᠠᠯᠠᠵᠤ᠂ ᠬᠢᠯᠢ ᠳᠤ ᠣᠷᠣᠬᠤ ᠳᠤ ᠭᠤᠤᠯᠳᠠᠭᠤ ᠧᠦ᠋ᠷᠣᠫᠠ ᠲᠢᠪ ᠤᠨ | ᠣᠨᠴᠠᠯᠢᠭ ᠲᠠᠢ ᠮᠠᠰᠢᠨ ᠲᠡᠷᠭᠡ᠂ ᠤᠯᠠᠭᠠᠨ ᠠᠷᠢᠬᠢ᠂ ᠠᠷᠤᠷ᠎ᠠ ᠶᠢᠨ ᠲᠣᠰᠣ ᠵᠡᠷᠭᠡ ᠶᠢ ᠠᠴᠢᠶᠠᠯᠠᠨ᠎ᠠ᠃ | ᠡᠷᠢᠶᠡᠨ ᠪᠣᠭᠤᠮᠲᠠ ᠪᠣᠯ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠣᠯᠤᠨ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠳᠤᠮᠳᠠ ᠱᠤᠭᠤᠮ ᠤᠨ ᠵᠠᠮ ᠳᠡᠭᠡᠷᠡᠬᠢ ᠵᠠᠩᠭᠢᠯᠠᠭ᠎ᠠ ᠶᠢᠨ ᠴᠡᠭ | ᠪᠣᠯᠤᠨ᠎ᠠ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠨᠢ ᠭᠧᠷᠮᠠᠨ᠂ ᠫᠤᠯᠠᠨᠳ᠋᠂ ᠮᠣᠩᠭᠤᠯ ᠵᠡᠷᠭᠡ 12 ᠤᠯᠤᠰ ᠤᠨ 72 ᠦᠷᠳᠡᠭᠡ ᠴᠡᠭ ᠪᠤᠶᠤ ᠬᠤᠳᠠ ᠶᠢ | ᠬᠤᠯᠪᠣᠵᠤ᠂ ᠤᠯᠤᠰ ᠤᠨ ᠳᠣᠲᠣᠭᠠᠳᠤ ᠳᠤ 24 ᠮᠤᠵᠢ ᠬᠤᠳᠠ ᠶᠢᠨ 64 ᠬᠤᠳᠠ ᠶᠢ ᠬᠠᠮᠤᠷᠪᠠ᠃ ᠣᠳᠣᠬᠠᠨ | ᠪᠣᠯᠲᠠᠯ᠎ᠠ᠂ ᠨᠡᠶᠢᠲᠡ 16000 ᠭᠠᠷᠤᠢ ᠴᠤᠪᠤᠭ᠎ᠠ ᠲᠡᠷᠭᠡ ᠡᠬᠢᠯᠡᠭᠦᠯᠦᠭᠰᠡᠨ ᠪᠠᠶᠢᠨ᠎ᠠ᠃ | ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠠᠰᠤᠷᠠᠯᠲᠠ ᠥᠬᠡᠶ | ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠤᠨ ᠡᠮᠦᠨ᠎ᠡ᠂ ᠡᠷᠢᠶᠡᠨ ᠲᠡᠮᠦᠷ ᠵᠠᠮ ᠤᠨ ᠪᠣᠭᠤᠮᠲᠠ ︽ᠲᠣᠭᠠᠴᠢᠯᠠᠭᠰᠠᠨ | ᠪᠣᠭᠤᠮᠲᠠ︾ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠳᠠᠪᠠᠭᠤᠯᠢᠭ ᠲᠤ | ᠲᠦᠰᠢᠭᠯᠡᠨ᠂ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠰᠠᠭᠠᠳ ᠥᠬᠡᠶ ᠨᠡᠪᠲᠡᠷᠡᠬᠦ ᠵᠠᠮ︾ ᠵᠢᠴᠢ ᠲᠤᠰᠬᠠᠶ | ᠴᠣᠩᠬᠤ ᠶᠢ ᠬᠥᠳᠡᠯᠦᠩᠭᠦᠶ ᠪᠠᠷ ᠰᠢᠯᠢᠳᠡᠭᠵᠢᠭᠦᠯᠦᠨ᠂ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ | ᠥᠩᠭᠡᠷᠡᠬᠦ ᠶᠢ ᠬᠢᠨᠠᠨ ᠬᠠᠷᠭᠤᠭᠤᠯᠬᠤ᠂ ᠤᠷᠢᠳ ᠢᠶᠠᠷ ᠪᠠᠶᠢᠴᠠᠭᠠᠨ ᠰᠢᠯᠭᠠᠬᠤ᠂ ᠰᠣᠯᠢᠵᠤ ᠠᠴᠢᠶᠠᠯᠠᠵᠤ ᠶᠠᠪᠤᠭᠤᠯᠬᠤ | ᠵᠡᠷᠭᠡ ᠭᠤᠭᠴᠤᠭ᠎ᠠ ᠶᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠤᠯᠤᠰ ᠤᠨ ᠪᠠᠷᠠᠭᠠᠨ ᠤ | ᠭᠦᠢᠯᠭᠡᠭᠡᠨ ᠤ ᠶᠡᠭᠡ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠪᠡ᠃ |