| | ᠣᠶᠢᠷ᠎ᠠ ᠳᠤ᠂ ᠮᠠᠨ ᠤ ᠬᠤᠲᠠ ᠶᠢᠨ ᠯᠦᠩ ᠶᠤᠸᠠᠨ ᠣᠯᠠᠨ ᠤᠯᠤᠰ ᠤᠨ ᠪᠠᠭᠤᠳᠠᠯ ᠤᠨ ᠲᠥᠷᠥᠯ ᠵᠦᠢᠯ ᠤᠨ | ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠡᠮᠬᠢ ᠵᠢᠷᠤᠮ ᠲᠠᠢ᠂ ᠬᠥᠷ ᠬᠥᠭᠵᠢᠶᠡᠨ ᠲᠠᠢ ᠪᠠᠶᠢᠳᠠᠯ ᠢᠯᠡᠷᠡᠪᠡ᠃ | | | | | 10 ᠰᠠᠷ᠎ᠠ ᠶᠢᠨ 12 ᠤᠨ ᠡᠳᠦᠷ᠂ ᠰᠤᠷᠪᠤᠯᠵᠢᠯᠠᠭᠴᠢ ᠪᠠᠷᠢᠯᠭ᠎ᠠ ᠶᠢᠨ ᠲᠤᠬᠠᠶ ᠶᠢᠨ ᠲᠠᠯᠠᠪᠤᠷ ᠠᠴᠠ | ᠣᠶᠢᠯᠠᠭᠠᠭᠰᠠᠨ ᠨᠢ᠂ ᠣᠳᠣᠬᠠᠨ ᠳᠤ ᠪᠠᠭᠤᠳᠠᠯ ᠤᠨ ᠭᠤᠤᠯ ᠴᠣᠭᠴᠠ ᠶᠢᠨ ᠪᠠᠷᠢᠯᠭ᠎ᠠ ᠨᠢᠭᠡᠨᠲᠡ ᠪᠥᠬᠦ ᠲᠠᠯ᠎ᠠ ᠪᠠᠷ | ᠳᠠᠭᠤᠰᠴᠤ᠂ ᠶᠠᠭ ᠬᠡᠷ ᠳᠣᠲᠣᠷᠠᠬᠢ ᠵᠠᠰᠠᠯ ᠴᠢᠮᠡᠭᠯᠡᠯ ᠬᠢᠵᠦ ᠪᠠᠶᠢᠨ᠎ᠠ᠃ | | | | | ᠯᠦᠩ ᠶᠤᠸᠠᠨ ᠣᠯᠠᠨ ᠤᠯᠤᠰ ᠤᠨ ᠪᠠᠭᠤᠳᠠᠯ ᠤᠨ ᠲᠥᠷᠥᠯ ᠵᠦᠢᠯ ᠤᠨ ᠶᠡᠷᠦᠩᠬᠡᠶ ᠠᠵᠢᠯᠴᠢᠨ ᠴᠢ ᠶᠢᠨ ᠸᠠᠩ | ᠲᠠᠨᠢᠯᠴᠠᠭᠤᠯᠬᠤ ᠳᠠᠭᠠᠨ᠄ ︽ᠣᠳᠣᠬᠠᠨ ᠳᠤ ᠨᠢᠭᠡᠨᠲᠡ 90% ᠶᠢᠨ ᠪᠠᠷᠢᠯᠭ᠎ᠠ ᠶᠢᠨ ᠬᠡᠮᠵᠢᠶ᠎ᠡ ᠶᠢ ᠪᠡᠶᠡᠯᠡᠭᠦᠯᠵᠦ᠂ | ᠣᠲᠣ ᠠᠵᠢᠯᠴᠢᠳ ᠴᠥᠮ ᠬᠡᠷ ᠳᠣᠲᠣᠷ᠎ᠠ ᠠᠵᠢᠯᠯᠠᠵᠤ᠂ ᠵᠢᠱᠢᠯᠲᠡ ᠪᠠᠷ ᠢᠷᠡᠬᠦ ᠵᠢᠯ ᠤᠨ 5 ᠰᠠᠷ᠎ᠠ ᠳᠤ | ᠠᠰᠢᠭᠯᠠᠯᠲᠠ ᠳᠤ ᠣᠷᠣᠵᠤ ᠪᠣᠯᠤᠨ᠎ᠠ︾ ᠭᠡᠵᠡᠶ᠃ | | | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠡᠷᠢᠶᠡᠨ ᠬᠤᠲᠠ ᠶᠢᠨ ᠶᠦᠩ ᠲᠠᠢ ᠠᠵᠤ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ | ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠵᠤ᠂ ᠶᠡᠷᠦᠩᠬᠡᠢ ᠲᠠᠯᠠᠪᠠᠶ ᠨᠢ 8500 ᠲᠡᠭᠰᠢ ᠳᠥᠷᠪᠡᠯᠵᠢᠨ | ᠮᠧᠲᠷ᠂ ᠪᠠᠷᠢᠯᠭ᠎ᠠ ᠶᠢᠨ ᠲᠠᠯᠠᠪᠠᠶ ᠨᠢ 3.65 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠭᠤᠤᠯ ᠪᠣᠯᠬᠤ | ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠨᠢ ᠰᠢᠨ᠎ᠡ ᠪᠠᠷ ᠪᠠᠶᠢᠭᠤᠯᠵᠤ ᠪᠠᠶᠢᠭ᠎ᠠ11 ᠳᠠᠪᠬᠤᠷ ᠪᠠᠭᠤᠳᠠᠯ ᠨᠢ | ᠳᠣᠲᠣᠷ᠎ᠠ ᠪᠠᠨ 260 ᠲᠠᠰᠤᠯᠭ᠎ᠠ ᠬᠡᠭᠡᠨᠴᠢᠷ ᠵᠣᠴᠢᠳ ᠤᠨ ᠥᠷᠥᠭᠡ ᠭᠠᠷᠭᠠᠵᠤ᠂ ᠲᠣᠮᠣ ᠵᠢᠵᠢᠭ ᠬᠤᠷᠠᠯ ᠤᠨ ᠬᠡᠷ | ᠲᠣᠬᠢᠷᠠᠭᠤᠯᠤᠨ᠂ ᠪᠠᠰᠠ ᠬᠤᠳᠠᠯᠳᠤᠭᠠᠨ ᠤ ᠶᠠᠪᠤᠳᠠᠯ ᠤᠨ ᠲᠥᠪ᠂ ᠭᠠᠵᠠᠷ ᠳᠡᠭᠡᠷᠡᠬᠢ ᠪᠠ ᠭᠠᠵᠠᠷ ᠳᠣᠤᠷᠠᠬᠢ ᠲᠡᠷᠭᠡᠨ | ᠵᠣᠭᠰᠣᠭᠠᠯ ᠵᠡᠷᠭᠡ ᠶᠢ ᠳᠣᠭᠢᠷᠠᠭᠤᠯᠤᠨ᠎ᠠ᠃ |