ᠮᠠᠨ ᠤ ᠬᠤᠲᠠ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ︽ᠤᠯᠠᠭᠠᠨ ᠪᠥᠴᠡᠲᠡᠨ ᠤ ᠡᠬᠡ ᠤᠯᠤᠰ ᠢᠶᠠᠨ ᠬᠠᠶᠢᠷᠠᠯᠠᠬᠤ︾ ᠰᠢᠨ᠎ᠡ ᠠᠩᠭᠢ ᠶᠢᠨ ᠠᠩᠭᠢ ᠳᠤ ᠣᠷᠣᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/10/15
    ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠰᠤᠷᠤᠭᠴᠢᠳ ᠤᠨ ᠡᠷᠡᠭᠦᠯ ᠥᠭᠡᠳᠡᠷᠬᠡᠭ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠬᠥᠮᠦᠵᠢᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ 75 ᠳ᠋ᠤᠭᠠᠷ ᠠᠩᠭᠢ ᠪᠠᠶᠢᠭᠤᠯᠤᠭᠳᠠᠭᠰᠠᠨ ᠡᠳᠦᠷ ᠬᠦᠷᠴᠦ ᠢᠷᠡᠬᠦ ᠲᠠᠰᠢᠷᠠᠮ ᠢᠶᠠᠷ᠂ 10 ᠰᠠᠷ᠎ᠠ ᠶᠢᠨ 12 ᠤᠨ ᠡᠳᠦᠷ᠂ ᠮᠠᠨ ᠤ ᠬᠤᠲᠠ ︽ᠤᠯᠠᠭᠠᠨ ᠪᠥᠴᠡᠲᠡᠨ ᠤ ᠡᠬᠡ ᠤᠯᠤᠰ ᠢᠶᠠᠨ ᠬᠠᠶᠢᠷᠠᠯᠠᠬᠤ︾ ᠰᠢᠨ᠎ᠡ ᠠᠩᠭᠢ ᠶᠢᠨ ᠶᠣᠰᠣᠯᠠᠯ ᠳᠤ ᠣᠷᠣᠯᠴᠠᠬᠤ ᠶᠣᠰᠣᠯᠠᠯ ᠶᠠᠪᠤᠭᠤᠯᠪᠠ᠃
     ᠰᠦᠷ ᠵᠢᠪᠬᠤᠯᠠᠩᠲᠠᠢ ︽ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠭᠠᠷᠬᠤ ᠠᠶ᠎ᠠ︾ ᠭᠡᠬᠦ ᠳᠠᠭᠤᠤ ᠶᠢ ᠬᠥᠭᠵᠢᠮᠳᠡᠵᠦ᠂ ᠲᠤᠭᠴᠢ ᠨᠠᠷ ᠲᠡᠷᠢ ᠲᠡᠭᠰᠢ ᠠᠯᠬᠤᠭ᠎ᠠ ᠪᠠᠷ ᠰᠦᠷ ᠵᠢᠪᠬᠤᠯᠠᠩᠲᠠᠢ ᠪᠠᠷ ᠲᠤᠭ ᠭᠠᠷᠭᠠᠬᠤ ᠶᠣᠰᠣᠯᠠᠯ ᠶᠠᠪᠤᠭᠤᠯᠵᠤ᠂ ᠠᠩᠭᠢ ᠳᠤ ᠣᠷᠣᠬᠤ ᠶᠣᠰᠣᠯᠠᠯ ᠡᠭᠦᠨ ᠠᠴᠠ ᠡᠬᠢᠯᠡᠪᠡ᠃ ᠠᠩᠭᠢ ᠶᠢᠨ ᠲᠤᠭ ᠤᠨ ᠳᠣᠣᠷ᠎ᠠ ᠂ ᠰᠢᠨ᠎ᠡ ᠠᠩᠭᠢ ᠶᠢᠨ ᠭᠡᠰᠢᠭᠦᠳ ᠬᠡᠦᠬᠡᠳ ᠤᠨ ᠲᠠᠭᠤᠨ ᠢᠶᠠᠷ ᠲᠡᠳᠡᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠪᠣᠷᠣᠭᠵᠢᠭᠤᠨ ᠰᠡᠳᠬᠢᠯᠭᠡ ᠶᠢ ᠳᠠᠮᠵᠢᠭᠤᠯᠵᠤ᠂ ᠲᠡᠳᠡᠨ ᠤ ᠨᠢᠯᠬᠠᠰᠠᠭ ᠴᠢᠷᠠᠢ ᠳᠤ ᠡᠷᠡᠰ ᠪᠠᠲᠤ ᠢᠲᠡᠭᠡᠯ ᠵᠣᠷᠢᠭ ᠪᠢᠯᠬᠠᠨ᠎ᠠ᠃      ᠳᠡᠭᠡᠳᠦ ᠣᠨ ᠤ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢᠳ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ ᠨᠢᠭᠡᠳᠦᠭᠡᠷ᠂ ᠬᠤᠶᠠᠳᠤᠭᠠᠷ ᠣᠨ ᠤ ᠰᠢᠨ᠎ᠡ ᠭᠡᠰᠢᠭᠦᠳ ᠲᠤ ᠤᠯᠠᠭᠠᠨ ᠪᠦᠴᠡ ᠨᠠᠷᠢᠨ ᠬᠢᠨᠠᠮᠠᠭᠠᠶ ᠵᠡᠭᠦᠵᠦ᠂ ᠵᠠᠯᠭᠠᠭᠠᠳ ᠰᠢᠨ᠎ᠡ ᠠᠬᠠᠮᠠᠳ ᠭᠡᠰᠢᠭᠦᠳ ᠬᠠᠷᠢᠯᠴᠠᠨ ᠶᠣᠰᠣᠯᠠᠵᠤ᠂ ᠤᠯᠠᠮᠵᠢᠯᠠᠨ ᠵᠠᠯᠭᠠᠮᠵᠢᠯᠠᠬᠤ ᠬᠤᠯᠪᠣᠭ᠎ᠠ ᠨᠢ ᠡᠨᠡ ᠬᠦ ᠴᠠᠭ ᠮᠥᠴᠡ ᠳᠤ ᠨᠢᠭᠲᠠ ᠬᠤᠯᠪᠣᠯᠳᠤᠵᠤ ᠪᠠᠶᠢᠨ᠎ᠠ᠃ ᠴᠡᠭᠡᠵᠢᠨ ᠡᠮᠦᠨ᠎ᠡ ᠨᠠᠮᠢᠷᠠᠭᠰᠠᠨ ᠤᠯᠠᠭᠠᠨ ᠪᠦᠴᠡ ᠶᠢ ᠬᠠᠷᠠᠭᠠᠳ᠂ ᠰᠢᠨ᠎ᠡ ᠠᠩᠭᠢ ᠶᠢᠨ ᠭᠡᠰᠢᠭᠦᠳ ᠪᠠᠶᠠᠷ ᠪᠠᠶᠠᠰᠬᠤᠯᠠᠩ ᠲᠠᠢ ᠪᠠᠶᠢᠯ᠎ᠠ᠃      ᠪᠦᠬᠦ ᠭᠡᠰᠢᠭᠦᠳ ᠠᠩᠭᠢ ᠶᠢᠨ ᠬᠠᠪᠰᠤᠷᠤᠨ ᠵᠢᠯᠣᠭᠤᠳᠣᠭᠴᠢ ᠶᠢᠨ ᠳᠠᠭᠠᠭᠤᠯᠭ᠎ᠠ ᠳᠣᠣᠷ᠎ᠠ ᠪᠠᠷᠠᠭᠤᠨ ᠨᠢᠳᠤᠷᠭ᠎ᠠ ᠪᠠᠨ ᠥᠨᠳᠥᠷ ᠮᠠᠨᠳᠤᠭᠤᠯᠵᠤ᠂ ︽ᠡᠪ ᠬᠠᠮᠲᠤ ᠶᠣᠰᠣᠨ ᠤ ᠦᠢᠯᠡᠰ ᠤᠨ ᠲᠥᠯᠥᠭᠡ ᠲᠡᠮᠡᠴᠡᠵᠦ ᠪᠠᠶᠢᠨ᠎ᠠ︕︾ ᠭᠡᠪᠡ᠃ ︽ᠴᠠᠭ ᠢᠮᠠᠭᠲᠠ ᠪᠡᠯᠡᠳᠬᠡᠵᠦ ᠪᠠᠶᠢᠨ᠎ᠠ︕︾ ᠰᠢᠨ᠎ᠡ ᠠᠩᠭᠢ ᠶᠢᠨ ᠭᠡᠰᠢᠭᠦᠳ ᠪᠠᠷᠠᠭᠤᠨ ᠨᠢᠳᠤᠷᠭ᠎ᠠ ᠪᠠᠨ ᠥᠨᠳᠥᠷ ᠮᠠᠨᠳᠤᠭᠤᠯᠵᠤ᠂ ᠲᠥᠪ ᠴᠢᠩᠭ᠎ᠠ ᠪᠠᠷ ᠲᠠᠩᠭᠠᠷᠢᠭᠯᠠᠵᠤ᠂ ᠡᠷᠡᠰ ᠪᠠᠲᠤ ᠲᠠᠭᠤᠨ ᠢᠶᠠᠷ ᠲᠡᠳᠡᠨ ᠤ ᠡᠪ ᠬᠠᠮᠲᠤ ᠶᠣᠰᠣᠨ ᠤ ᠦᠢᠯᠡᠰ ᠤᠨ ᠲᠥᠯᠥᠭᠡ ᠲᠡᠮᠡᠴᠡᠬᠦ ᠵᠣᠷᠢᠭ ᠢᠶᠠᠨ ᠢᠯᠡᠳᠬᠡᠵᠡᠢ᠃      ᠲᠤᠰ ᠡᠳᠦᠷ᠂ ᠬᠤᠲᠠ ᠶᠢᠨ ᠡᠪᠯᠡᠯ ᠤᠨ ᠬᠤᠷᠢᠶ᠎ᠠ ᠪᠣᠯᠤᠨ ᠰᠤᠷᠭᠠᠭᠤᠯᠢ ᠰᠤᠷᠤᠭᠴᠢᠳ ᠢ ᠵᠣᠬᠢᠶᠠᠨ ᠪᠠᠶᠢᠭᠤᠯᠤᠨ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ︽ᠤᠮᠠᠷᠠᠲᠤ ᠬᠢᠯᠢ ᠶᠢᠨ ᠲᠦᠩ ᠰᠢᠨ ᠶᠤᠸᠠᠨ︾ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠤᠷᠲᠤ ᠬᠤᠩᠭᠢᠯ ᠪᠣᠯᠤᠨ ᠡᠷᠢᠶᠡᠨ ᠬᠤᠲᠠ ᠶᠢᠨ ᠲᠡᠮᠦᠷ ᠵᠠᠮ ᠤᠨ ᠲᠡᠷᠭᠡᠨ ᠥᠷᠲᠡᠭᠡᠨ ᠤ ᠲᠡᠤᠬᠡ ᠶᠢᠨ ᠣᠷᠳᠣᠨ ᠢ ᠲᠣᠭᠤᠷᠢᠨ ᠦᠵᠡᠪᠡ᠃ ᠠᠯᠢ ᠣᠯᠠᠨ ᠳᠡᠷᠭᠡᠳᠡᠬᠢ ᠬᠥᠮᠦᠨ᠂ ᠳᠡᠷᠭᠡᠳᠡᠬᠢ ᠶᠠᠪᠤᠳᠠᠯ ᠤᠳ ᠢᠶᠠᠷ ᠳᠠᠮᠵᠢᠭᠤᠯᠤᠨ᠂ ᠨᠠᠮ ᠤᠨ ᠭᠡᠷᠡᠯ ᠰᠠᠴᠤᠷᠠᠩᠭᠤᠶ ᠲᠡᠤᠬᠡ ᠶᠢᠨ ᠬᠥᠮᠦᠵᠢᠯ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠥᠷᠳᠡᠵᠦ᠂ ᠰᠤᠷᠤᠭᠴᠢᠳ ᠲᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠷ᠎ᠡ ᠡᠭᠦᠯᠳᠡᠷ ᠰᠡᠳᠬᠢᠯ ᠨᠢᠭᠡᠳᠴᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠯᠠᠭᠤᠨ ᠳᠤᠯᠠᠭᠠᠨ ᠪᠠ ᠳᠣᠭᠳᠣᠯᠤᠯ ᠢ ᠦᠨᠡᠨ ᠬᠦ ᠮᠡᠳᠡᠷᠡᠭᠦᠯᠵᠦ᠂ ᠰᠤᠷᠤᠭᠴᠢᠳ ᠲᠤ ︽ᠬᠢᠯᠢ ᠬᠢᠵᠠᠭᠠᠷ ᠢ ᠬᠠᠶᠢᠷᠠᠯᠠᠵᠤ ᠬᠢᠯᠢ ᠬᠢᠵᠠᠭᠠᠷ ᠢ ᠪᠠᠬᠢᠵᠢᠭᠦᠯᠬᠦ︾ ᠶᠢᠨ ᠴᠢᠬᠤᠯᠠ ᠴᠢᠨᠠᠷ ᠢ ᠨᠠᠩ ᠭᠦᠨᠵᠡᠭᠡᠶ ᠲᠠᠨᠢᠭᠤᠯᠪᠠ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠠᠮᠵᠢᠭᠤᠯᠤᠨ᠂ ᠰᠤᠷᠤᠭᠴᠢᠳ ᠤᠨ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠰᠤᠷᠤᠯᠴᠠᠯᠭ᠎ᠠ ᠶᠢᠨ ᠳᠣᠲᠣᠭᠠᠳᠤ ᠬᠥᠳᠡᠯᠭᠡᠬᠦ ᠬᠦᠴᠦᠨ ᠢ ᠨᠠᠩ ᠬᠥᠭᠵᠢᠭᠡᠵᠦ᠂ ᠬᠦᠰᠡᠯᠡᠩ ᠢᠲᠡᠭᠡᠯ ᠪᠢᠰᠢᠷᠡᠯ ᠢ ᠪᠠᠲᠤᠳᠬᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号