【 ᠡᠷᠡᠮᠡᠭᠡᠶᠢᠯᠡᠨ ᠤᠷᠤᠭᠰᠢᠯᠠᠵᠤ ᠤᠯᠤᠰ ᠢᠶᠠᠨ ᠬᠦᠴᠦᠷᠬᠡᠭᠵᠢᠭᠦᠯᠦᠨ ᠰᠢᠨ᠎ᠡ ᠠᠶᠠᠨ ᠵᠠᠮ ᠳᠠᠭᠠᠨ ᠤᠷᠤᠭᠰᠢᠯᠠᠵᠤ ᠪᠠᠶᠢᠨ᠎ᠠ 】 ᠪᠠᠷᠢᠯᠭ᠎ᠠ ᠲᠡᠭᠦᠰᠬᠦ ᠪᠣᠯᠣᠯ᠎ᠠ᠃ ᠬᠤᠲᠠ ᠶᠢᠨ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠰᠠᠶᠢᠬᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/10/15
   ᠲᠦᠷᠦᠭᠦᠬᠡᠨ᠂ ᠬᠤᠲᠠ ᠶᠢᠨ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠯᠠᠪᠳᠠᠭᠤᠨ ᠢᠶᠠᠷ ᠠᠬᠢᠪᠠ᠃ ᠡᠨᠡᠬᠦ ᠬᠢᠲᠠᠳ ᠡᠮᠨᠡᠯᠭᠡ ᠪᠣᠯᠤᠨ ᠮᠣᠩᠭᠤᠯ ᠡᠮᠨᠡᠯᠭᠡ ᠶᠢᠨ ᠥᠪᠡᠷᠮᠢᠴᠡ ᠦᠢᠯᠡᠴᠢᠯᠡᠭᠡ ᠭᠤᠣᠯ ᠪᠣᠯᠵᠤ᠂ ᠦᠨᠳᠦᠰᠦᠲᠡᠨ ᠤ ᠣᠨᠴᠠᠯᠢᠭ ᠲᠠᠢ ᠹᠢᠽᠢᠺ ᠵᠠᠰᠠᠯ᠂ ᠵᠡᠭᠦᠦ ᠲᠥᠭᠡᠨᠡᠯᠭᠡ᠂ ᠡᠮ ᠢᠶᠠᠷ ᠤᠬᠢᠶᠠᠬᠤ᠂ ᠢᠯᠢᠵᠦ ᠨᠤᠬᠤᠯᠠᠬᠤ ᠶᠢ ᠨᠢᠭᠡ ᠴᠣᠭᠴᠠᠵᠢᠭᠤᠯᠤᠭᠰᠠᠨ ᠡᠮᠨᠡᠯᠭᠡ ᠳᠤ ᠲᠤᠰᠯᠠᠬᠤ ᠪᠣᠯᠤᠨ᠎ᠠ᠃
   ᠬᠢᠲᠠᠳ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠢ ᠡᠬᠢᠯᠡᠭᠦᠯᠦᠭᠰᠡᠨ ᠠᠴᠠ ᠨᠠᠰᠢ᠂ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠲᠥᠷᠥᠯ ᠵᠦᠢᠯ ᠤᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠲᠣᠰ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠂ ᠤᠤᠯ ᠤᠨ ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠪᠠᠶᠢᠷᠢᠰᠢᠭᠤᠯᠤᠯ ᠨᠢ ᠰᠢᠨᠵᠢᠯᠡᠬᠦ ᠤᠬᠠᠭᠠᠨᠴᠢ ᠪᠤᠰᠤ ᠂ ᠴᠢᠳᠠᠮᠵᠢ ᠶᠢᠨ ᠲᠠᠷᠬᠠᠯᠲᠠ ᠨᠢ ᠵᠦᠶ ᠵᠣᠬᠢᠰ ᠥᠬᠡᠶ ᠵᠡᠷᠭᠡ ᠠᠰᠠᠭᠤᠳᠠᠯ ᠢ ᠬᠤᠪᠢᠷᠠᠭᠤᠯᠵᠤ᠂ ᠴᠢᠳᠠᠮᠵᠢ ᠨᠢ ᠪᠦᠷᠢᠨ ᠲᠡᠭᠦᠯᠳᠡᠷ ᠡᠮᠴᠢᠯᠡᠭᠡᠨ ᠤ ᠣᠨᠣᠰᠢᠯᠠᠨ ᠵᠠᠰᠠᠬᠤ ᠲᠠᠯᠠᠪᠤᠷ ᠭᠠᠵᠠᠷ ᠢ ᠪᠣᠶ ᠪᠣᠯᠭᠠᠵᠤ᠂ ᠡᠪᠡᠳᠴᠢᠲᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠣᠯᠤᠨ᠎ᠠ᠃ ᠡᠭᠦᠨ ᠤ ᠬᠠᠮᠲᠤ᠂ ᠪᠦᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠣᠩᠭᠤᠯ ᠤᠯᠤᠰ ᠤᠨ ᠬᠢᠲᠠᠳ ᠮᠣᠩᠭᠤᠯ ᠡᠮ ᠡᠮᠨᠡᠯᠭᠡ ᠶᠢᠨ ᠲᠠᠯ᠎ᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠠᠬᠢᠭᠤᠯᠬᠤ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠵᠦ ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠪᠣᠯᠤᠨ᠎ᠠ᠃     ᠣᠶᠢᠯᠠᠭᠠᠭᠰᠠᠨ ᠢᠶᠠᠷ᠂ ᠲᠣᠰ ᠡᠮᠨᠡᠯᠭᠡ ᠶᠢᠨ ᠬᠤᠷᠢᠶᠠᠨ ᠳᠤ 100 ᠣᠷᠣ ᠭᠠᠷᠭᠠᠵᠤ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 18292.19 ᠲᠡᠭᠰᠢ ᠳᠥᠷᠪᠡᠯᠵᠢᠨ ᠮᠧᠲᠷ ᠪᠣᠯᠤᠨ᠎ᠠ᠃ ᠣᠳᠣᠬᠠᠨ ᠳᠤ᠂ ᠲᠥᠷᠥᠯ ᠵᠦᠢᠯ ᠤᠨ ᠶᠡᠷᠦᠩᠬᠡᠶ ᠪᠠᠷᠢᠯᠭ᠎ᠠ ᠶᠢᠨ ᠬᠡᠮᠵᠢᠶ᠎ᠡ ᠶᠢᠨ 85% ᠶᠢ ᠨᠢᠭᠡᠨᠲᠡ ᠪᠡᠶᠡᠯᠡᠭᠦᠯᠵᠦ᠂ ᠵᠢᠱᠢᠯᠲᠡ ᠪᠠᠷ ᠢᠷᠡᠬᠦ ᠵᠢᠯ ᠤᠨ 4 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号