| ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠡᠷᠢᠶᠡᠨ ᠪᠣᠭᠤᠮᠲᠠ ᠶᠢᠨ ᠪᠣᠭᠤᠮᠲᠠ ᠪᠠᠷ ᠣᠷᠣᠵᠤ | ᠭᠠᠷᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1444.7 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.9% ᠨᠡᠮᠡᠭᠳᠡᠪᠡ᠃ ᠡᠭᠦᠨ ᠳᠤ᠂ ᠭᠠᠳᠠᠭᠠᠳᠤ ᠣᠷᠣᠭᠤᠯᠤᠯᠲᠠ 1133 ᠲᠦᠮᠡᠨ | ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠪᠡ︔ ᠭᠠᠳᠠᠭᠠᠳᠤ ᠭᠠᠷᠭᠠᠯᠲᠠ 311.7 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17% ᠨᠡᠮᠡᠭᠳᠡᠪᠡ᠃ | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ︽ | ᠭᠠᠭᠴᠠ ᠴᠣᠩᠬᠤᠪᠴᠢ︾ ᠶᠢᠨ ᠤᠬᠠᠭᠤᠯᠭ᠎ᠠ ᠪᠠ ᠬᠡᠷᠡᠭᠯᠡᠭᠡᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ | ᠠᠵᠤ ᠠᠬᠤᠶᠢᠯᠠᠯ ᠤᠨ ︽ᠭᠠᠭᠴᠠ ᠴᠣᠩᠬᠤᠪᠴᠢ︾ ᠪᠠᠷ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠂ | ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠯᠠᠪᠳᠠᠭᠤᠨ | ᠪᠠᠲᠤᠲᠠᠶ ᠥᠷᠨᠢᠭᠦᠯᠵᠦ᠂ ᠪᠣᠳᠠᠲᠠᠶ ᠠᠵᠢᠯ ᠢᠶᠠᠷ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ | ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ ᠪᠦᠲᠦᠮᠵᠢᠲᠡᠶ ᠪᠣᠭᠤᠮᠲᠠ ᠪᠠᠷ | ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ | ᠢᠯᠡᠷᠡᠵᠡᠢ᠃ | ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠦᠷᠭᠦᠯᠵᠢᠯᠡᠨ ︽ᠭᠠᠭᠴᠠ ᠴᠣᠩᠬᠤᠪᠴᠢ︾ ᠪᠠᠷ | ᠲᠠᠪᠴᠠᠩ ᠪᠣᠯᠭᠠᠵᠤ᠂ ︽ᠳᠠᠩ ᠭᠠᠭᠴᠠ ᠴᠣᠩᠬᠤᠪᠴᠢ︾ ᠶᠢᠨ ᠡᠯ᠎ᠡ ᠵᠦᠢᠯ ᠤᠨ ᠳᠥᠭᠦᠮ ᠳᠥᠲᠡ ᠴᠢᠳᠠᠮᠵᠢ ᠶᠢ | ᠭᠦᠢᠴᠡᠳ ᠠᠭᠤᠳᠠᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾᠂ ︽ᠬᠤᠶᠠᠷ ᠠᠯᠬᠤᠮ ᠳᠤ | ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ ᠪᠠᠲᠤᠲᠠᠢ | ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ | ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨᠬᠦ | ᠬᠦᠷᠲᠡᠭᠡᠨ᠎ᠡ᠃ |