ᠮᠠᠯ ᠤᠨ ᠦᠵᠡᠬᠦᠯᠭᠡ ᠶᠢᠨ ᠤᠷᠤᠯᠳᠤᠭᠠᠨ ᠤ ᠶᠡᠭᠡ ᠬᠤᠷᠠᠯ ᠦᠷ᠎ᠡ ᠪᠦᠲᠦᠭᠡᠯ ᠭᠠᠷᠭᠠᠵᠤ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠲᠡᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/10/15
        10 ᠳ᠋ᠤᠭᠠᠷ ᠰᠠᠷ᠎ᠠ ᠶᠢᠨ 13 ᠤ ᠡᠳᠦᠷ᠂ ᠠᠩᠬᠠᠳᠤᠭᠠᠷ ᠬᠤᠭᠤᠴᠠᠭᠠᠨ ᠤ ᠡᠷᠳᠡᠨᠢᠭᠤᠪᠢ ᠭᠠᠴᠠᠭᠠᠨ ᠤ ︽ᠨᠢᠭᠡ ᠬᠤᠲᠠ ᠬᠤᠶᠠᠷ ᠬᠤᠰᠢᠭᠤ︾ ᠶᠢᠨ ᠤᠷᠤᠯᠳᠤᠭᠠᠨ ᠤ ᠬᠤᠷᠠᠯ ᠵᠢᠴᠢ ᠬᠠᠮᠲᠤ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠢ ᠡᠷᠭᠢᠯᠡᠵᠦ᠂ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ ᠵᠡᠷᠭᠡ ᠭᠠᠵᠠᠷ ᠤᠨ ᠮᠠᠯᠴᠢᠳ ᠢ ᠰᠣᠩᠭᠤᠨ ᠭᠠᠷᠭᠠᠵᠤ᠂ ᠮᠠᠯ ᠤᠨ ᠨᠢᠭᠡ ᠲᠠᠪᠴᠠᠩ ᠤᠨ ᠰᠢᠯᠢᠳᠡᠭ ᠤᠷᠤᠯᠳᠤᠭᠠᠨ ᠢ ᠰᠣᠩᠭᠤᠨ ᠭᠠᠷᠭᠠᠵᠤ᠂ ᠮᠠᠯ ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠬᠤᠷᠠᠯ ᠳᠤ ᠣᠷᠣᠯᠴᠠᠪᠠ᠃
      ᠮᠠᠯᠴᠢᠳ ᠥᠪᠡᠷ ᠤᠨ ᠬᠠᠮᠤᠭ ᠤᠨ ᠰᠠᠶᠢᠨ ᠮᠠᠯ ᠢᠶᠠᠨ ᠭᠠᠷᠭᠠᠨ ᠬᠠᠷᠢᠯᠴᠠᠨ ᠠᠳᠠᠯᠢᠳᠬᠠᠵᠤ᠂ ᠲᠤᠬᠠᠶ ᠶᠢᠨ ᠲᠠᠯᠠᠪᠤᠷ ᠤᠨ ᠣᠯᠠᠨ ᠲᠦᠮᠡᠨ ᠠᠯᠠᠭ᠎ᠠ ᠲᠠᠰᠢᠨ ᠱᠠᠭᠰᠢᠵᠦ᠂ ᠭᠡᠷᠡᠯ ᠵᠢᠷᠤᠭ ᠲᠠᠲᠠᠭᠤᠯᠤᠨ ᠲᠡᠮᠳᠡᠭᠯᠡᠪᠡ᠃ ᠡᠷᠳᠡᠨᠢᠭᠤᠪᠢ ᠭᠠᠴᠠᠭᠠᠨ ᠠᠴᠠ ᠢᠷᠡᠭᠰᠡᠨ ᠮᠠᠯᠴᠢᠨ ᠠᠰᠢᠳᠠ 30 ᠭᠠᠷᠤᠶ ᠠᠵᠢᠨᠠᠶ ᠬᠦᠯᠦᠭ ᠢᠶᠠᠨ ᠰᠣᠩᠭᠤᠵᠦ ᠣᠷᠣᠯᠳᠣᠭᠠᠨ ᠳᠤ ᠣᠷᠣᠯᠴᠠᠭᠤᠯᠪᠠ᠃      ᠠᠰᠢᠳᠠ ︽ᠡᠨᠡ ᠤᠳᠠᠭᠠᠨ ᠤ ᠤᠷᠤᠯᠳᠤᠭᠠᠨ ᠳᠤ ᠣᠷᠣᠯᠴᠠᠬᠤ ᠶᠢᠨ ᠲᠥᠯᠥᠭᠡ᠂ ᠪᠢᠳᠡ ᠰᠦᠷᠦᠭ ᠠᠴᠠ ᠪᠠᠨ ᠡᠨᠡ ᠪᠦᠯᠦᠭ ᠮᠠᠯ ᠢ ᠣᠨᠴᠠᠭᠠᠶᠢᠯᠠᠨ ᠠᠳᠡᠭᠰᠡᠨ ᠪᠠᠶᠢᠨ᠎ᠠ᠂ ᠤᠴᠢᠷ ᠨᠢ ᠲᠡᠳᠡᠭᠡᠷ ᠨᠢ ᠬᠠᠮᠤᠭ ᠤᠨ ᠥᠨᠳᠥᠷ ᠬᠠᠮᠤᠭ ᠤᠨ ᠬᠦᠴᠦᠷᠬᠡᠭ᠂ ᠰᠠᠶᠢᠨ ᠬᠢᠷᠢ ᠪᠦᠲᠦᠮᠵᠢ ᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃
     ᠲᠤᠰ ᠤᠳᠠᠭᠠᠨ ᠤ ᠤᠷᠤᠯᠳᠤᠭᠠᠨ ᠤ ᠬᠤᠪᠢ ᠲᠣᠭᠲᠠᠭᠠᠬᠤ ᠪᠠᠷᠢᠮᠵᠢᠶ᠎ᠠ ᠨᠢ ᠮᠠᠰᠢ ᠨᠠᠷᠢᠨ ᠨᠢᠮᠪᠠᠶ ᠪᠠᠶᠢᠵᠤ᠂ ᠲᠡᠮᠡᠭᠡᠨ ᠤ ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠲᠡᠮᠡᠭᠡᠨ ᠤ ᠪᠡᠶ᠎ᠡ ᠪᠢᠯᠳᠠᠷ ᠢ ᠥᠨᠳᠥᠷ ᠪᠥᠭᠡᠳ ᠵᠢᠭᠳᠡ ᠪᠠᠶᠢᠯᠭᠠᠵᠤ᠂ ᠲᠡᠮᠡᠭᠡᠨ ᠤ ᠪᠥᠬᠦ ᠲᠠᠯ᠎ᠠ ᠶᠢ ᠲᠣᠮᠣ ᠪᠥᠭᠡᠳ ᠵᠢᠭᠳᠡ ᠪᠠᠶᠢᠯᠭᠠᠵᠤ᠂ ᠦᠰᠦ ᠶᠢ ᠲᠣᠰᠣ ᠪᠠᠷ ᠯᠠᠪᠯᠠᠯᠲᠠ ᠪᠣᠯᠭᠠᠵᠤ᠂ ᠲᠤᠯᠤᠭᠠᠢ ᠪᠠᠨ ᠪᠠᠬᠢᠯᠡᠵᠦ᠂ ᠬᠠᠮᠠᠷ᠂ ᠨᠢᠳᠦ᠂ ᠤᠷᠤᠭᠤᠯ ᠠᠮᠠ ᠶᠢ ᠨᠢ ᠦᠨᠡᠯᠡᠬᠦ ᠪᠠᠷᠢᠮᠵᠢᠶ᠎ᠠ ᠨᠢ ᠮᠠᠰᠢ ᠨᠠᠷᠢᠨ ᠨᠢᠮᠪᠠᠶ ᠪᠠᠶᠢᠵᠤ᠂ ᠴᠢᠨᠠᠭᠰᠢᠯᠠᠪᠠᠯ ᠲᠡᠮᠡᠭᠡᠨ ᠤ ᠵᠠᠰᠠᠯ ᠴᠢᠮᠡᠭᠯᠡᠯ ᠤᠨ ᠡᠳ᠋ ᠨᠢ ᠴᠤ ᠠᠳᠠᠯᠢᠳᠬᠠᠨ ᠰᠢᠯᠭᠠᠷᠠᠭᠤᠯᠬᠤ ᠬᠡᠪᠴᠢᠶ᠎ᠡ ᠳᠤ ᠪᠠᠶᠢᠳᠠᠭ᠃ ᠡᠭᠦᠨ ᠠᠴᠠ ᠭᠠᠳᠠᠨ᠎ᠠ᠂ ᠰᠥᠨᠢᠳ ᠦᠬᠡᠷ᠂ ᠰᠥᠨᠢᠳ ᠢᠮᠠᠭ᠎ᠠ᠂ ᠰᠢᠮᠧᠨ᠋ᠳᠠᠷ ᠦᠬᠡᠷ ᠵᠡᠷᠭᠡ 9 ᠵᠦᠢᠯ ᠤᠨ ᠮᠠᠯ ᠤᠨ ᠤᠷᠤᠯᠳᠤᠭᠠᠨ ᠴᠤ ᠵᠡᠷᠭᠡ ᠪᠠᠷ ᠶᠠᠪᠤᠭᠳᠠᠵᠤ᠂ ᠰᠢᠯᠢᠳᠡᠭ ᠮᠠᠯ ᠳᠤ ᠳᠡᠯᠭᠡᠨ ᠦᠵᠡᠭᠦᠯᠬᠦ ᠪᠠ ᠠᠷᠠᠯᠵᠢᠶᠠᠯᠠᠬᠤ ᠰᠠᠶᠢᠨ ᠰᠠᠶᠢᠬᠠᠨ ᠲᠠᠪᠴᠠᠩ ᠬᠠᠩᠭᠠᠭᠰᠠᠨ ᠪᠠᠶᠢᠨ᠎ᠠ᠃
     ᠬᠤᠲᠠ ᠶᠢᠨ ᠭᠡᠷᠡᠯᠳᠦᠠᠣᠳᠦ ᠰᠣᠮᠣᠨ ᠤ ᠡᠷᠳᠡᠨᠢᠭᠤᠪᠢ ᠭᠠᠴᠠᠭᠠᠨ ᠤ ᠨᠢᠭᠡᠳᠦᠭᠡᠷ ᠱᠦᠵᠢ ᠬᠠᠶᠢᠷᠬᠠᠨ᠄ ︽ᠮᠠᠯᠴᠢᠳ ᠨᠡᠷ᠎ᠡ ᠮᠡᠳᠡᠭᠦᠯᠦᠭᠰᠡᠨ ᠬᠠᠯᠠᠭᠤᠨ ᠰᠡᠳᠬᠢᠯᠭᠡ ᠮᠠᠰᠢ ᠥᠨᠳᠥᠷ᠂ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠵᠡᠭᠦᠨ ᠪᠠᠷᠠᠭᠤᠨ ᠰᠦᠨᠢᠳ ᠤᠨ ᠬᠤᠶᠠᠷ ᠬᠤᠰᠢᠭᠤ ᠰᠢᠶᠠᠨ ᠠᠴᠠ ᠢᠷᠡᠭᠰᠡᠨ ᠮᠠᠯᠴᠢᠳ ᠪᠠᠷᠤᠭ 300 ᠭᠠᠷᠤᠢ ᠪᠠᠶᠢᠵᠤ᠂ 400 ᠭᠠᠷᠤᠢ ᠮᠠᠯ ᠲᠠᠢ᠂ ᠲᠤᠰ ᠭᠠᠵᠠᠷ ᠲᠠᠭᠠᠨ 100 ᠭᠠᠷᠤᠢ ᠨᠡᠷ᠎ᠡ ᠮᠡᠳᠡᠭᠦᠯᠪᠡ︾ ᠭᠡᠪᠡ᠃      ᠮᠠᠯ ᠤᠨ ᠤᠷᠤᠯᠳᠤᠭᠠᠨ ᠤ ᠬᠡᠯᠪᠡᠷᠢ ᠪᠠᠷ ︽ᠨᠢᠭᠡ ᠬᠤᠲᠠ ᠬᠤᠶᠠᠷ ᠬᠤᠰᠢᠭᠤ︾ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠮᠠᠯᠴᠢᠳ ᠤᠨ ᠬᠤᠭᠤᠷᠣᠨᠳᠣᠬᠢ ᠡᠵᠡᠩᠨᠡᠯᠲᠡ ᠵᠢᠴᠢ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠨ ᠰᠣᠯᠢᠯᠴᠠᠬᠤ ᠰᠠᠶᠢᠨ ᠰᠠᠶᠢᠬᠠᠨ ᠠᠷᠭ᠎ᠠ ᠵᠠᠮ ᠢ ᠪᠠᠶᠢᠭᠤᠯᠵᠤ᠂ ᠨᠠᠩ ᠥᠷᠭᠡᠨ ᠠᠭᠤᠳᠠᠮ ᠬᠠᠮᠲᠤᠷᠠᠯᠴᠠᠭᠠᠨ ᠤ ᠲᠠᠪᠴᠠᠩ ᠢ ᠡᠭᠦᠳᠪᠡ᠃ ᠲᠤᠰ ᠡᠳᠦᠷ ᠂ ᠡᠷᠳᠡᠨᠢᠭᠤᠪᠢ ᠭᠠᠴᠠᠭ᠎ᠠ ᠪᠣᠯᠤᠨ ᠵᠡᠭᠦᠨ ᠦᠵᠦᠮᠦᠴᠢᠨ ᠬᠤᠰᠢᠭᠤᠨ ᠤ ᠡᠵᠢᠭᠤᠪᠢ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠬᠠᠮᠲᠤᠷᠠᠨ ᠠᠵᠢᠯᠯᠠᠵᠤ᠂ ᠮᠠᠯ ᠠᠵᠤ ᠠᠬᠤᠢ ᠶᠢᠨ ᠰᠢᠨ᠎ᠡ ᠬᠥᠭᠵᠢᠯᠲᠡ ᠶᠢ ᠡᠭᠦᠳᠴᠡᠢ᠃ ᠡᠷᠳᠡᠨᠢᠭᠤᠪᠢ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶ᠎ᠠ ᠪᠠᠰᠠ ᠠᠰᠢᠭ ᠬᠤᠪᠢᠶᠠᠵᠠᠶ᠃      ᠬᠤᠲᠠ ᠶᠢᠨ ᠭᠡᠷᠡᠯᠳᠦᠠᠣᠳᠦ ᠰᠤᠮᠤ ᠶᠢᠨ ᠡᠷᠳᠡᠨᠢᠭᠤᠪᠢ ᠭᠠᠴᠠᠭᠠᠨ ᠤ ᠨᠢᠭᠡᠳᠦᠭᠡᠷ ᠱᠦᠵᠢ ᠬᠠᠶᠢᠷᠬᠠᠨ᠄ ︽ᠡᠨᠡ ᠵᠢᠯ ᠬᠤᠷ᠎ᠠ ᠤᠰᠤ ᠮᠠᠰᠢ ᠰᠠᠶᠢᠨ᠂ ᠮᠠᠯᠴᠢᠳ ᠤᠨ ᠡᠯᠪᠡᠭ ᠬᠤᠷᠢᠶᠠᠯᠲᠠ ᠶᠢᠨ ᠨᠢᠭᠡ ᠵᠢᠯ ᠪᠣᠯᠵᠠᠢ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠨᠡ ᠵᠢᠯ ᠤᠨ ᠣᠷᠣᠯᠭ᠎ᠠ 400 ᠭᠠᠷᠤᠢ ᠲᠦᠮᠡᠨ ᠲᠥᠭᠦᠷᠢᠭ ᠲᠤ ᠬᠦᠷᠴᠦ᠂ ᠮᠠᠯ ᠤᠨ ᠤᠷᠤᠯᠳᠤᠭᠠᠨ ᠤ ᠬᠡᠯᠪᠡᠷᠢ ᠪᠠᠷ ᠮᠠᠯᠴᠢᠳ ᠲᠤ ᠬᠠᠷᠢᠭᠤ ᠲᠤᠰᠬᠠᠪᠠ︾ ᠭᠡᠵᠦ ᠬᠡᠯᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号