【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠰ 200 ᠲᠦᠮᠡᠨ ᠬᠥᠮᠦᠨ ᠤᠳᠠᠭ᠎ᠠ ᠶᠢ ᠳᠠᠪᠠᠪᠠ
ᠨᠡᠶᠢᠲᠡᠯᠡᠭᠰᠡᠨ ᠴᠠᠭ᠄
2024/10/15
   ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠪᠦᠷᠢᠳᠬᠡᠯ ᠢ ᠦᠨᠳᠦᠰᠦᠯᠡᠪᠡᠯ᠂ 10 ᠰᠠᠷ᠎ᠠ ᠶᠢᠨ 14 ᠤ ᠡᠳᠦᠷ ᠪᠣᠯᠲᠠᠯ᠎ᠠ᠂ ᠡᠨᠡ ᠵᠢᠯ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠥᠰ 200 ᠲᠦᠮᠡᠨ ᠬᠥᠮᠥᠨ ᠤᠳᠠᠭ᠎ᠠ ᠶᠢ ᠳᠠᠪᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ 51 ᠲᠦᠮᠡ ︵ᠳ᠋ᠤᠭᠠᠷ︶ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 87% ᠪᠠ 183% ᠪᠠᠷ ᠨᠡᠮᠡᠭᠳᠡᠪᠡ᠃    ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠬᠢᠬᠦ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠮᠥᠨ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠮᠥᠨ᠂ ᠵᠠᠰᠠᠮᠠᠯ ᠵᠠᠮ᠂ ᠲᠡᠮᠦᠷ ᠵᠠᠮ ᠬᠤᠶᠠᠷ ᠤᠯᠤᠰ ᠤᠨ ᠲᠠᠰ ᠤᠨ ᠨᠢᠭᠡᠳᠦᠭᠡᠷ ᠲᠥᠷᠥᠯ ᠤᠨ ᠪᠣᠭᠤᠮᠲᠠ ᠲᠠᠢ ᠪᠠᠶᠢᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠢ ᠨᠢᠭᠡ ᠴᠣᠭᠴᠠᠵᠢᠭᠤᠯᠤᠭᠰᠠᠨ ᠣᠯᠠᠨ ᠤᠯᠤᠰ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢ ᠪᠣᠶ ᠪᠣᠯᠭᠠᠪᠠ ᠃ ᠳᠥᠬᠦᠮ ᠵᠠᠮ ᠬᠠᠷᠢᠯᠴᠠᠭᠠᠨ ᠤ ᠨᠥᠬᠦᠴᠡᠯ᠂ ᠲᠠᠭᠠᠯᠠᠮᠵᠢᠲᠠᠶ ᠪᠣᠭᠤᠮᠲᠠ ᠥᠩᠭᠡᠷᠡᠬᠦ ᠣᠷᠴᠢᠨ ᠲᠣᠭᠤᠷᠢᠨ ᠨᠢ ᠡᠷᠢᠶᠡᠨ ᠪᠣᠭᠤᠮᠲᠠ ᠶᠢ ᠳᠤᠮᠳᠠᠳᠤ ᠭᠠᠳᠠᠭᠠᠳᠤ ᠶᠢᠨ ᠠᠶᠠᠨᠴᠢᠳ ᠤᠨ ᠬᠢᠯᠢ ᠪᠠᠷ ᠣᠷᠣᠵᠤ ᠭᠠᠷᠬᠤ ᠲᠡᠷᠢᠭᠦᠨ ᠰᠣᠩᠭᠤᠯᠲᠠ ᠪᠣᠯᠭᠠᠪᠠ᠃ ᠡᠨᠡ ᠵᠢᠯ 70 ᠤᠯᠤᠰ ᠪᠠ ᠭᠠᠵᠠᠷ ᠣᠷᠣᠨ ᠲᠠᠢ ᠬᠥᠮᠦᠰ ᠡᠷᠢᠶᠡᠨ ᠪᠣᠭᠤᠮᠲᠠ ᠪᠠᠷ ᠥᠩᠭᠡᠷᠡᠵᠦ᠂ ᠨᠢᠭᠡ ᠡᠳᠦᠷ ᠲᠤ ᠬᠠᠮᠤᠭ ᠥᠨᠳᠥᠷ ᠲᠡᠭᠡᠨ 1.2 ᠲᠦᠮᠡ ᠭᠠᠷᠤᠶ ᠬᠥᠮᠦᠨ ᠤᠳᠠᠭ᠎ᠠ ᠰᠢᠯᠭᠠᠨ ᠥᠩᠭᠡᠷᠡᠭᠦᠯᠬᠦ ᠪᠣᠯᠤᠨ᠎ᠠ᠃    ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠤᠭ᠎ᠠ ᠦᠷᠭᠦᠯᠵᠢᠯᠡᠨ ᠨᠡᠮᠡᠭᠳᠡᠵᠦ ᠪᠠᠶᠢᠭ᠎ᠠ ᠣᠳᠣᠬᠢ ᠪᠠᠶᠢᠳᠠᠯ ᠤᠨ ᠡᠮᠦᠨ᠎ᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠵᠦ ᠬᠥᠭᠵᠢᠭᠦᠯᠬᠦ ᠪᠠᠶᠢᠷᠢᠯᠠᠭᠤᠯᠤᠯᠲᠠ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠢᠯᠢ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠶᠠᠨᠴᠢᠳ ᠤᠨ ᠤᠷᠤᠰᠬᠠᠯ ᠤᠨ ᠪᠠᠶᠢᠳᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠵᠢᠵᠢᠭᠦᠷᠯᠡᠬᠦ ᠴᠠᠭᠳᠠᠭᠠᠨ ᠤ ᠬᠦᠴᠦᠨ ᠢ ᠭᠦᠢᠴᠡᠳ ᠳᠣᠭᠢᠷᠠᠭᠤᠯᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠶᠠᠨᠴᠢᠳ ᠤᠨ ᠤᠷᠤᠰᠬᠠᠯ ᠤᠨ ᠣᠷᠭᠢᠯ ᠤᠨ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾᠂ ᠴᠠᠭ ᠢ ᠤᠷᠲᠤᠳᠬᠠᠨ ᠪᠣᠭᠤᠮᠲᠠ ᠪᠠᠷ ᠥᠩᠭᠡᠷᠡᠭᠦᠯᠬᠦ᠂ ᠪᠠᠴᠢᠮ ᠨᠡᠪᠲᠡᠷᠡᠬᠦ ᠵᠠᠮ ᠨᠡᠭᠡᠭᠡᠬᠦ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠭᠠᠷᠭᠠᠵᠤ᠂ ᠳᠤᠮᠳᠠᠳᠤ ᠭᠠᠳᠠᠭᠠᠳᠤ ᠶᠢᠨ ᠬᠢᠯᠢ ᠪᠠᠷ ᠣᠷᠣᠵᠤ ᠭᠠᠷᠬᠤ ᠬᠥᠮᠦᠰ ᠤᠨ ᠥᠨᠳᠥᠷ ᠪᠦᠲᠦᠮᠵᠢᠲᠡᠶ ᠪᠠᠷ ᠰᠠᠭᠠᠳ ᠥᠬᠡᠶ ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠬᠦ ᠳᠥᠷᠪᠡᠳᠦᠭᠡᠷ ᠠᠩᠭᠢ ᠶᠢᠨ ᠳᠡᠳ᠋ ᠳᠠᠷᠤᠭ᠎ᠠ ᠦ᠋ ᠬᠤᠩ ᠯᠢᠶᠠᠩ᠄ ︽ᠪᠣᠭᠤᠮᠲᠠ ᠪᠠᠷ ᠥᠩᠭᠡᠷᠡᠬᠦ ᠣᠷᠭᠢᠯ ᠤᠨ ᠬᠤᠭᠤᠴᠠᠭᠠᠨ ᠳᠤ᠂ ᠪᠢᠳᠡ ᠪᠠᠶᠢᠴᠠᠭᠠᠨ ᠰᠢᠯᠭᠠᠬᠤ ᠵᠠᠮ ᠢ ᠭᠦᠢᠴᠡᠳ ᠨᠡᠭᠡᠭᠡᠵᠦ᠂ ᠲᠠᠶᠢᠸᠠᠨ ᠤ ᠭᠠᠳᠠᠨᠠᠬᠢ ᠪᠠᠶᠢᠴᠠᠭᠠᠭᠴᠢ ᠶᠢ ᠨᠡᠮᠡᠨ ᠪᠠᠶᠢᠭᠤᠯᠵᠤ᠂ ᠠᠶᠠᠨᠴᠢᠳ ᠤᠨ ᠪᠣᠭᠤᠮᠲᠠ ᠪᠠᠷ ᠥᠩᠭᠡᠷᠡᠬᠦ ᠵᠢᠯᠣᠭᠤᠳᠣᠯᠭ᠎ᠠ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠨᠢᠳᠤᠨᠤᠨ ᠤ ᠬᠢ ᠠᠴᠠ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠠᠶᠠᠨᠴᠢᠳ ᠲᠤ ᠥᠨᠳᠥᠷ ᠪᠦᠲᠦᠮᠵᠢᠲᠡᠶ ᠰᠠᠭᠠᠳ ᠥᠬᠡᠶ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ ᠮᠡᠳᠡᠷᠡᠭᠦᠯᠪᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号