| ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ | ᠵᠢᠮᠢᠰ ᠨᠣᠭᠤᠭ᠎ᠠ 11.23 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.51% ᠪᠠᠷ | ᠨᠡᠮᠡᠭᠳᠡᠨ᠂ ᠪᠠᠷᠠᠭᠠᠨ ᠤ ᠥᠷᠲᠡᠭ 4.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 183.68% ᠪᠠᠷ ᠨᠡᠮᠡᠭᠳᠡᠪᠡ᠃ | | | | | ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠬᠢᠭᠰᠡᠨ ᠬᠠᠮᠤᠭ ᠤᠨ ᠶᠡᠭᠡ | ᠬᠠᠭᠤᠷᠠᠢ ᠵᠠᠮ ᠤᠨ ᠪᠣᠭᠤᠮᠲᠠ ᠪᠣᠯᠤᠨ᠎ᠠ᠃ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠢᠯᠢ ᠪᠠᠷ ᠣᠷᠣᠵᠤ ᠭᠠᠷᠬᠤ | ᠲᠡᠭᠡᠭᠡᠪᠦᠷᠢ ᠶᠢᠨ ᠲᠡᠷᠭᠡᠨ ᠤ ᠣᠷᠣᠰᠬᠠᠯ ᠤᠨ ᠡᠮᠦᠨ᠎ᠡ᠂ ᠡᠷᠢᠶᠡᠨ ᠪᠣᠭᠤᠮᠲᠠ ᠨᠢ ︽ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ︾ ᠪᠠ ︽ᠲᠠᠸᠠᠷ ᠤᠨ ᠲᠡᠷᠭᠡᠨ ᠤ ᠳᠣᠰᠬᠠᠢ | ᠬᠡᠷᠡᠭᠯᠡᠬᠦ ᠵᠠᠮ︾ ᠵᠡᠷᠭᠡ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ | ᠰᠢᠯᠢᠳᠡᠭᠵᠢᠬᠦᠯᠵᠦ᠂ ︽ᠬᠦᠮᠦᠨ ᠢᠷᠡᠮᠡᠭᠴᠡ ᠰᠢᠯᠭᠠᠨ ᠦᠩᠬᠡᠷᠡᠬᠦᠯᠬᠦ︾ ᠶᠢ ᠪᠠᠷᠢᠮᠲᠠᠯᠠᠨ᠂ ᠪᠣᠭᠤᠮᠲᠠ ᠪᠠᠷ | ᠥᠩᠭᠡᠷᠡᠬᠦ ᠲᠡᠷᠭᠡ ᠬᠥᠰᠭᠡ ᠶᠢ ᠳᠠᠷᠣᠶᠢᠬᠠᠨ ᠪᠠᠶᠢᠴᠠᠭᠠᠬᠤ ᠶᠢ ᠪᠠᠲᠤᠯᠠᠵᠤ᠂ ᠳᠠᠩᠰᠠᠯᠠᠭᠤᠯᠵᠤ ᠭᠤᠶᠤᠴᠢᠯᠠᠨ | ᠮᠡᠳᠡᠭᠦᠯᠬᠦ ᠶᠢ ︽ᠴᠥᠭᠡᠨ ᠭᠦᠶᠦᠬᠦ︾᠂ ᠪᠣᠭᠤᠮᠲᠠ ᠪᠠᠷ ᠦᠩᠬᠡᠷᠡᠬᠦ ᠬᠦᠮᠦᠨ ᠢ ︽ ᠬᠦᠯᠢᠶᠡᠯᠬᠡᠬᠦ ᠥᠬᠡᠢ︾᠂ ᠡᠳ᠋ | ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠴᠢᠨᠠᠷ ᠰᠠᠶᠢᠳᠠᠢ ᠥᠨᠳᠥᠷ | ᠦᠷ᠎ᠡ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠪᠣᠢ ᠪᠣᠯᠭᠠᠵᠤ᠂ ᠪᠣᠭᠤᠮᠲᠠ ᠶᠢᠨ ᠠᠵᠤ | ᠠᠬᠤᠢ ᠶᠢ ︽ᠬᠤᠷᠳᠤ ᠲᠠᠢ ᠲᠦᠷᠭᠡᠳᠭᠡᠬᠦ︾ ᠶᠢ ᠠᠬᠢᠭᠤᠯᠤᠨ᠎ᠠ᠃ | ᠴᠢᠩᠭᠡᠯᠢᠭᠲᠦ ᠠᠴᠢᠶᠠᠨ ᠤ ᠮᠠᠰᠢᠨ ᠤ ᠵᠢᠯᠣᠭᠤᠴᠢ ᠬᠡᠯᠡᠬᠦ ᠳᠡᠭᠡᠨ᠄ ︽ᠣᠲᠣ ᠪᠢᠳᠡ ︿ᠰᠠᠭᠠᠳ ᠥᠬᠡᠶ | ᠨᠡᠪᠲᠡᠷᠡᠬᠦ ᠵᠠᠮ﹀ ᠢᠶᠠᠷ ᠶᠠᠪᠤᠵᠤ᠂ ᠲᠥᠬᠦᠮ ᠪᠥᠭᠡᠳ ᠲᠦᠷᠭᠡᠨ ᠪᠣᠯᠵᠠᠶ᠂ ᠪᠠᠶᠢᠴᠠᠭᠠᠯᠲᠠ ᠬᠢᠵᠦ᠂ ᠪᠣᠭᠤᠮᠲᠠ ᠪᠠᠷ | ᠥᠩᠭᠡᠷᠡᠬᠦ ᠬᠤᠷᠳᠤᠴᠠ ᠨᠢ ᠦᠨᠡᠬᠡᠷ ᠤᠯᠠᠮ ᠠᠴᠠ ᠤᠯᠠᠮ ᠬᠤᠷᠳᠤᠰᠴᠤ ᠪᠠᠶᠢᠨ᠎ᠠ︾ ᠭᠡᠵᠡᠶ᠃ | 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ | ᠨᠡᠪᠲᠡᠷᠡᠬᠦ ᠵᠠᠮ︾ ᠢ ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠭᠠᠳᠠᠭᠠᠳᠤ ᠳᠤ ᠭᠠᠷᠭᠠᠬᠤ ᠵᠢᠮᠢᠰ | ᠨᠣᠭᠤᠭ᠎ᠠ ᠳᠤ ᠤᠷᠢᠳᠠᠪᠠᠷ ᠬᠢᠨᠠᠨ ᠰᠢᠯᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠳᠤᠮᠳᠠᠳᠤ ᠮᠣᠩᠭᠤᠯ ᠤᠨ | ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠥᠬᠡᠶ ᠨᠡᠪᠲᠡᠷᠡᠬᠦ ᠵᠠᠮ︾ ᠨᠢ ᠭᠠᠷᠳᠠᠮ ᠢ ᠳᠥᠭᠦᠮ ᠠᠪᠰᠠᠷᠬᠠᠨ᠂ | ᠪᠣᠭᠤᠮᠲᠠ ᠪᠠᠷ ᠥᠩᠭᠡᠷᠡᠬᠦ ᠳᠤ ᠲᠦᠷᠭᠡᠨ ᠪᠥᠭᠡᠳ ᠬᠤᠷᠣᠭᠳᠠᠯ ᠤᠨ ᠨᠣᠷᠮ᠎ᠠ ᠳᠣᠤᠷ᠎ᠠ ᠪᠠᠶᠢᠬᠤ | ᠳᠠᠪᠠᠭᠤᠯᠢᠭ ᠢᠶᠠᠷ ᠢᠶᠠᠨ ᠵᠢᠮᠢᠰ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠥᠨᠳᠥᠷ ᠪᠦᠲᠦᠮᠵᠢᠲᠡᠶ ᠲᠦᠷᠭᠡᠨ | ᠪᠣᠭᠤᠮᠲᠠ ᠪᠠᠷ ᠥᠩᠭᠡᠷᠡᠬᠦ ᠳᠤ ᠴᠢᠬᠤᠯᠠ ᠦᠢᠯᠡᠳᠦᠯ ᠦᠵᠡᠭᠦᠯᠪᠡ᠃ | ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ | ᠳᠠᠷᠤᠭ᠎ᠠ ᠸᠠᠩ ᠯᠸᠢ᠄ ︽ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠰᠢᠨ᠎ᠡ ᠰᠣᠷᠭᠤᠭ ᠢ ᠪᠠᠳᠣᠯᠠᠬᠤ ᠪᠠ, | ᠠᠠᠷᠵᠠᠮ ᠢᠯᠵᠢᠷᠡᠬᠦ ᠣᠨᠴᠠᠯᠢᠭ ᠲᠤ ᠴᠢᠭᠯᠡᠭᠦᠯᠦᠨ᠂ ᠡᠷᠢᠶᠡᠨ ᠪᠣᠭᠤᠮᠲᠠ ᠶᠢᠨ ᠬᠢᠨ ᠪᠣᠭᠤᠮᠲᠠ ᠶᠢᠨ ᠠᠵᠤ | ᠠᠬᠤᠶᠢᠯᠠᠯ ᠤᠨ ᠰᠦᠯᠵᠢᠶᠡᠨ ᠳᠡᠭᠡᠷ᠎ᠡ ᠨᠡᠪᠲᠡᠷᠡᠯᠴᠡᠬᠦ ᠠᠷᠭ᠎ᠠ ᠵᠠᠮ ᠢ ᠪᠠᠶᠢᠭᠤᠯᠵᠤ᠂ ︿ᠪᠣᠯᠵᠣᠨ ᠪᠣᠭᠤᠮᠲᠠ ᠪᠠᠷ | ᠥᠩᠭᠡᠷᠡᠬᠦ᠂ ᠳᠠᠷᠤᠢ ᠬᠦᠷᠦᠮᠡᠭᠴᠡ ᠪᠠᠶᠢᠴᠠᠭᠠᠬᠤ﹀ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠢᠮᠢᠰ | ᠨᠣᠭᠤᠭ᠎ᠠ ᠶᠢ ᠥᠨᠳᠥᠷ ᠪᠦᠲᠦᠮᠵᠢᠲᠡᠢ ᠲᠦᠷᠭᠡᠨ ᠰᠢᠯᠭᠠᠨ ᠬᠢᠯᠢ ᠠᠴᠠ ᠭᠠᠷᠭᠠᠬᠤ ᠶᠢ ᠪᠠᠲᠤᠯᠠᠬᠤ ᠶᠢᠨ ᠬᠠᠮᠲᠤ | ᠲᠦᠷᠦ ᠶᠢᠨ ᠪᠤᠳᠤᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠵᠤ᠂ ᠪᠣᠭᠤᠮᠲᠠ ᠶᠢᠨ | ᠠᠵᠤ ᠠᠬᠤᠶᠢᠯᠠᠯ ᠤᠨ ᠶᠠᠷᠢᠯᠴᠠᠬᠤ ᠬᠤᠷᠠᠯ᠂ ᠠᠵᠤ ᠠᠬᠤᠶᠢᠯᠠᠯ ᠳᠤ ᠣᠷᠣᠭᠤᠯᠬᠤ ᠤᠬᠠᠭᠤᠯᠤᠨ ᠲᠠᠶᠢᠯᠪᠤᠷᠢᠯᠠᠬᠤ | ᠬᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠲᠦᠭᠵᠢᠷᠡᠯ ᠪᠣᠯᠤᠨ | ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ︿ᠨᠢᠭᠡ ᠳᠤ ᠨᠢᠭᠡ ᠶᠢ ᠬᠠᠷᠭᠤᠭᠤᠯᠬᠤ﹀ | ᠵᠢᠯᠤᠭᠤᠳᠤᠯᠭ᠎ᠠ ᠪᠣᠯᠤᠨ ︿ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ﹀ ᠶᠢᠨ ᠤᠨᠢᠨ ᠳᠡᠭᠡᠷ᠎ᠡ ᠨᠢ | ᠬᠠᠪᠰᠤᠷᠤᠨ ᠲᠡᠳᠬᠦᠬᠦ ᠶᠢ ᠢᠳᠡᠪᠬᠢᠲᠡᠢ ᠥᠷᠨᠢᠭᠦᠯᠵᠦ᠂ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠶᠢᠨ | ᠪᠣᠭᠤᠮᠲᠠ ᠪᠠᠷ ᠥᠩᠭᠡᠷᠡᠬᠦ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ︾ ᠭᠡᠵᠦ ᠬᠡᠯᠡᠪᠡ᠃ |