ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠲᠤᠰᠢᠶᠠᠯ ᠤᠨ ᠬᠤᠭᠤᠴᠠᠭ᠎ᠠ ᠨᠢ ᠣᠬᠤᠷ ᠴᠤ ᠭᠡᠰᠡᠨ ᠨᠤᠲᠤᠭ ᠤᠰᠤᠨ ᠳᠤ ᠨᠢ ᠪᠤᠶᠠᠨ ᠦᠢᠯᠡᠳᠦᠭᠡᠷᠡᠢ
ᠨᠡᠶᠢᠲᠡᠯᠡᠭᠰᠡᠨ ᠴᠠᠭ᠄
2024/10/17
     ᠰᠢ ᠶᠢᠨ ᠫᠢᠩ᠄ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠬᠦᠳᠡᠭᠡ ᠲᠤᠰᠬᠤᠨ ᠯᠠᠪᠳᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠲᠠᠷᠢᠶᠠᠴᠢᠳ ᠨᠡᠩ ᠬᠥᠭᠵᠢᠶᠡᠨᠲᠡᠢ ᠠᠮᠢᠳᠤᠷᠠᠬᠤ ᠪᠤᠯᠤᠨ᠎ᠠ
     15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ ᠬᠤᠲᠠ ᠶᠢᠨ ᠳ᠋ᠦᠩ ᠱᠠᠨ ᠰᠢᠶᠠᠨ ᠤ ᠴᠧᠨ ᠴᠧᠩ ᠪᠠᠯᠭᠠᠰᠤᠨ ᠤ ᠤᠤ ᠵᠢᠶᠣᠣ ᠲᠣᠰᠬᠤᠨ ᠳᠤ ᠬᠦᠷᠴᠦ ᠰᠢᠨᠵᠢᠯᠡᠨ ᠪᠠᠶᠢᠴᠠᠭᠠᠵᠤ᠂ ᠲᠣᠰᠬᠤᠨ ᠤ ᠭᠠᠷᠠᠮ ᠳᠤ ᠳᠠᠯᠠᠢ ᠶᠢᠨ ᠢᠳᠡᠭᠡᠨ ᠤ ᠬᠠᠲᠠᠭᠠᠮᠠᠯ ᠪᠣᠯᠤᠨ ᠵᠢᠭᠠᠰᠤᠨ ᠤ ᠭᠠᠷᠤᠯᠲᠠ ᠶᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠪᠠᠶᠢᠳᠠᠯ ᠢ ᠣᠶᠢᠯᠠᠭᠠᠪᠠ᠃ 2001 ᠣᠨ ᠳᠤ᠂ ᠹᠦᠵᠢᠶᠠᠨ ᠮᠤᠵᠢ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠤ ᠪᠠᠨ ᠲᠡᠷᠡ ᠠᠳᠡ ᠢᠷᠡᠵᠦ ᠥᠩᠭᠡᠷᠡᠭᠰᠡᠨ ᠶᠤᠮ᠃ 23 ᠵᠢᠯ ᠤᠨ ᠳᠠᠷᠠᠭ᠎ᠠ᠂ ᠬᠥᠳᠡᠭᠡ ᠲᠣᠰᠬᠤᠨ ᠳᠤ ᠯᠤᠲᠤ ᠶᠡᠭᠡ ᠬᠤᠪᠢᠷᠠᠯᠲᠠ ᠭᠠᠷᠤᠭᠰᠠᠨ ᠢ ᠦᠵᠡᠭᠡᠳ᠂ ᠰᠢ ᠶᠢᠨ ᠫᠢᠩ ᠶᠡᠬᠡᠳᠡ ᠪᠠᠶᠠᠷᠯᠠᠪᠠ᠃ ᠲᠡᠷᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠳᠠᠪᠠᠭᠤᠯᠢᠭ ᠢᠶᠠᠨ ᠪᠠᠳᠠᠷᠠᠭᠤᠯᠵᠤ᠂ ︽ᠳᠠᠯᠠᠢ︾ ᠳᠤ ᠲᠦᠰᠢᠭᠯᠡᠬᠦ ᠡᠨᠡ ᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠬᠥᠳᠡᠭᠡ ᠲᠣᠰᠬᠤᠨ ᠯᠠᠪᠲᠠᠢ ᠨᠡᠩ ᠭᠡᠭᠡᠨ ᠰᠠᠷᠠᠭᠤᠯ ᠢᠷᠡᠭᠡᠳᠦᠢ ᠲᠠᠢ ᠪᠤᠯᠵᠤ᠂ ᠲᠠᠷᠢᠶᠠᠴᠢᠳ ᠨᠡᠩ ᠬᠥᠭᠵᠢᠶᠡᠨᠲᠡᠢ ᠠᠮᠢᠳᠤᠷᠠᠬᠤ ᠪᠣᠯᠤᠨ᠎ᠠ᠃ ᠲᠠ ᠨᠠᠷ ᠤᠨ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠶᠢ ᠵᠥᠩᠨᠡᠶ᠎ᠡ ᠭᠡᠵᠦ ᠰᠡᠳᠬᠢᠯ ᠳᠣᠭᠳᠣᠯᠤᠨ ᠬᠡᠯᠡᠪᠡ᠃      ᠰᠢ ᠶᠢᠨ ᠫᠢᠩ ᠬᠦ᠋ ᠸᠧᠨ ᠴᠠᠩ ᠤᠨ ᠳᠤᠷᠠᠰᠬᠠᠯ ᠤᠨ ᠣᠷᠳᠣᠨ ᠢ ᠲᠣᠭᠤᠷᠢᠨ ᠦᠵᠡᠵᠦ᠄ ᠲᠤᠰᠢᠶᠠᠯ ᠤᠨ ᠬᠤᠭᠤᠴᠠᠭ᠎ᠠ ᠨᠢ ᠣᠬᠤᠷ ᠴᠤ ᠭᠡᠰᠡᠨ ᠨᠤᠲᠤᠭ ᠤᠰᠤᠨ ᠳᠤ ᠨᠢ ᠪᠤᠶᠠᠨ ᠦᠢᠯᠡᠳᠦᠭᠡᠷᠡᠢ
     15 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠶ ᠱᠦᠵᠢ ᠰᠢ ᠶᠢᠨ ᠫᠢᠩ ᠹᠦᠵᠢᠶᠠᠨ ᠤ ᠵᠠᠩᠵᠸᠤ ᠬᠤᠲᠠ ᠶᠢᠨ ᠳ᠋ᠦᠩ ᠱᠠᠨ ᠰᠢᠶᠠᠨ ᠤ ᠬᠥ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠬᠥ᠋ ᠸᠧᠨ ᠴᠠᠩ ᠨᠥᠬᠦᠷ ᠤᠨ ᠰᠡᠳᠬᠢᠯ ᠳᠣᠭᠳᠣᠯᠤᠭᠤᠯᠤᠮ᠎ᠠ ᠦᠢᠯᠡ ᠬᠡᠷᠡᠭ ᠤᠳ ᠢ ᠣᠶᠢᠯᠠᠭᠠᠵᠤ᠂ ᠬᠥ᠋ ᠸᠧᠨ ᠴᠠᠩ ᠨᠡᠷᠡᠮᠵᠢᠲᠦ ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠦ᠋ ᠸᠧᠨ ᠴᠠᠩ ᠨᠥᠬᠦᠷ ᠹᠦᠵᠢᠶᠠᠨ ᠳᠤ ᠠᠯᠳᠠᠷ ᠴᠤᠤ ᠲᠠᠢ᠂ ᠬᠥᠮᠦᠰ ᠤᠨ ᠰᠡᠳᠬᠢᠯ ᠳᠤ ᠭᠦᠨ ᠬᠠᠳᠠᠩᠰᠢᠭᠰᠠᠨ ᠪᠠᠶᠢᠨ᠎ᠠ᠂ ᠲᠡᠷᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠭ ᠲᠦᠮᠡᠨ ᠰᠢᠯᠢᠳᠡᠭ ᠤᠳᠤᠷᠢᠳᠬᠤ ᠺᠠᠳ᠋ᠷ ᠤᠨ ᠨᠢᠭᠡᠨ ᠲᠥᠯᠥᠭᠡᠯᠡᠭᠴᠢ ᠪᠣᠯᠤᠨ᠎ᠠ᠃ ᠪᠢᠳᠡ ᠲᠡᠭᠦᠨ ᠤ ᠦᠢᠯᠡ ᠠᠵᠢᠯᠯᠠᠭ᠎ᠠ ᠠᠴᠠ ᠰᠣᠷᠣᠯᠴᠠᠬᠤ ᠳᠤ ᠪᠠᠨ᠂ ᠥᠨᠳᠥᠷ ᠥᠭᠡᠳᠡ ᠮᠡᠷᠡᠶᠢᠬᠦ ᠢᠶᠠᠷ ᠪᠠᠷᠠᠬᠤ ᠦᠭᠡᠢ᠂ ᠪᠠᠰᠠ ᠮᠡᠷᠭᠡᠳ ᠢ ᠲᠠᠭᠠᠨ ᠰᠤᠷᠴᠤ᠂ ᠲᠡᠭᠦᠨ ᠲᠠᠢ ᠠᠳᠠᠯᠢ ᠪᠠᠷ ᠬᠥᠮᠦᠨ ᠪᠤᠯᠵᠤ᠂ ᠵᠠᠰᠠᠭ ᠪᠠᠷᠢᠵᠤ᠂ ︽ᠲᠤᠰᠢᠶᠠᠯ ᠤᠨ ᠬᠤᠭᠤᠴᠠᠭ᠎ᠠ ᠨᠢ ᠣᠬᠤᠷ ᠴᠤ ᠭᠡᠰᠡᠨ ᠨᠤᠲᠤᠭ ᠤᠰᠤᠨ ᠳᠤ ᠨᠢ ᠪᠤᠶᠠᠨ ᠦᠢᠯᠡᠳᠦᠭᠡᠷᠡᠢ︾᠂ ᠭᠠᠭᠴᠠ ᠡᠨᠡ ᠵᠠᠮ ᠢᠶᠠᠷ ᠵᠠᠮᠨᠠᠬᠤ ᠨᠢ ᠰᠠᠶ᠋ᠢ ᠬᠥᠮᠦᠨ ᠤ ᠶᠢᠷᠲᠢᠨᠴᠦ ᠶᠢᠨ ᠲᠥᠪ ᠶᠣᠰᠣ ᠶᠤᠮ ᠭᠡᠵᠡᠢ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号