ᠰᠢ ᠶᠢᠨ ᠫᠢᠩ ᠪᠥᠬᠦ ᠴᠡᠷᠢᠭ ᠤᠨ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠤᠨ ᠬᠤᠷᠠᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ ᠳᠤᠮᠳᠠᠳᠤ ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠴᠡᠷᠢᠭ ᠤᠨ ᠶᠠᠪᠤᠳᠠᠯ ᠤᠨ ᠣᠨᠣᠯ ᠤᠨ ᠰᠢᠰᠲ᠋ᠧᠮ ᠢ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/10/17
       ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 15 ᠤ ᠴᠠᠭᠢᠯᠭᠠᠨ ᠮᠡᠳᠡᠭᠡ ᠪᠦᠭᠦ ᠴᠡᠷᠢᠭ ᠤᠨ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠤᠨ ᠬᠤᠷᠠᠯ 10 ᠰᠠᠷ᠎ᠠ ᠶᠢᠨ 14 ᠤ ᠡᠳᠦᠷ ᠠᠴᠠ 15 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠪᠡ᠃ ᠲᠡᠷᠡ᠂ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠬᠥᠭᠵᠢᠯᠲᠡ ᠳᠤ ᠴᠢᠬᠤᠯᠠ ᠤᠳᠤᠷᠢᠳᠤᠮᠵᠢ ᠶᠢᠨ ᠦᠢᠯᠡᠳᠦᠯ ᠲᠠᠢ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠴᠡᠷᠢᠭ ᠤᠨ ᠶᠠᠪᠤᠳᠠᠯ ᠤᠨ ᠰᠢᠨ᠎ᠡ ᠬᠤᠪᠢᠰᠬᠠᠯ ᠦᠳᠲᠡᠷ ᠲᠦᠷᠭᠡᠨ ᠬᠥᠭᠵᠢᠵᠦ᠂ ᠮᠠᠨ ᠤ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠬᠡᠷᠡᠭᠴᠡᠭᠡ ᠭᠦᠨᠵᠡᠭᠡᠢ ᠬᠤᠪᠢᠷᠠᠵᠤ᠂ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠡᠭᠦᠷᠭᠡ ᠨᠡᠩ ᠲᠤᠯᠭᠠᠮ ᠪᠣᠯᠵᠤ ᠪᠠᠶᠢᠨ᠎ᠠ᠂ ᠡᠷᠬᠡᠪᠰᠢ ᠴᠡᠷᠢᠭ ᠤᠨ ᠶᠠᠪᠤᠳᠠᠯ ᠤᠨ ᠤᠨᠤᠯ ᠤᠨ ᠠᠵᠢᠯ ᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠠᠷᠠᠳ ᠤᠨ ᠴᠡᠷᠢᠭ ᠠᠩᠭᠢ ᠶᠢᠨ ᠪᠠᠶᠢᠭᠤᠯᠤᠯᠲᠠ ᠶᠢᠨ ᠦᠢᠯᠡᠳᠦᠯᠭᠡ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠴᠡᠷᠢᠭ ᠤᠨ ᠶᠠᠪᠤᠳᠠᠯ ᠤᠨ ᠰᠣᠶᠣᠯ ᠤᠨ ᠣᠭᠢ ᠰᠣᠳᠣ ᠶᠢ ᠰᠢᠩᠭᠡᠬᠡᠨ ᠠᠪᠴᠤ᠂ ᠳᠠᠶᠢᠨ ᠤ ᠲᠠᠯᠠᠪᠤᠷ ᠲᠤ ᠬᠠᠨᠳᠤᠭᠤᠯᠬᠤ᠂ ᠴᠡᠷᠢᠭ ᠠᠩᠭᠢ ᠳᠤ ᠬᠠᠨᠳᠤᠭᠤᠯᠬᠤ᠂ ᠢᠷᠡᠭᠡᠳᠦᠢ ᠳᠤ ᠬᠠᠨᠳᠤᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠤᠯᠲᠠ᠂ ᠳᠠᠶᠢᠨ ᠤ ᠬᠤᠪᠢᠰᠤᠯᠲᠠ᠂ ᠡᠰᠡᠷᠭᠦ ᠡᠲᠡᠭᠡᠳ ᠤᠨ ᠬᠤᠪᠢᠷᠠᠯᠲᠠ ᠶᠢ ᠴᠢᠩᠭ᠎ᠠ ᠠᠩᠬᠠᠷᠴᠤ᠂ ᠰᠢᠨ᠎ᠡ ᠲᠡᠦᠬᠡᠨ ᠨᠥᠬᠦᠴᠡᠯ ᠳᠣᠣᠷᠠᠬᠢ ᠳᠠᠶᠢᠨ ᠤ ᠪᠡᠯᠡᠳᠬᠡᠯ ᠤᠨ ᠴᠢᠬᠤᠯᠠ ᠶᠡᠭᠡ ᠠᠰᠠᠭᠤᠳᠠᠯ ᠤᠨ ᠰᠤᠳᠤᠯᠤᠯ ᠢ ᠴᠢᠩᠭ᠎ᠠ ᠠᠳᠬᠤᠵᠤ᠂ ᠴᠡᠷᠢᠭ ᠤᠨ ᠶᠠᠪᠤᠳᠠᠯ ᠤᠨ ᠤᠨᠤᠯ ᠤᠨ ᠰᠢᠨ᠎ᠡ ᠶᠢ ᠡᠭᠦᠳᠬᠦ ᠦᠵᠦ ᠲᠥᠯᠥᠪᠯᠡᠭᠡ ᠶᠢ ᠰᠢᠯᠢᠳᠡᠭᠵᠢᠭᠦᠯᠵᠦ᠂ ᠴᠡᠷᠢᠭ ᠤᠨ ᠶᠠᠪᠤᠳᠠᠯ ᠤᠨ ᠤᠨᠤᠯ ᠤᠨ ᠰᠤᠳᠤᠯᠭᠠᠨ ᠤ ᠵᠠᠭᠪᠤᠷ ᠢ ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ ᠣᠨᠣᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠤᠨᠤᠯ ᠤᠨ ᠰᠢᠰᠲ᠋ᠧᠮ ᠢ ᠪᠠᠶᠢᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ᠂ ᠳᠡᠯᠡᠬᠡᠢ ᠶᠢᠨ ᠲᠡᠷᠢᠭᠦᠨ ᠤ ᠴᠡᠷᠢᠭ ᠠᠩᠭᠢ ᠶᠢ ᠲᠦᠷᠭᠡᠳᠬᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠪᠠ ᠵᠢᠯᠣᠭᠤᠳᠤᠮᠵᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠡᠯᠡᠬᠡᠢ ᠶᠢᠨ ᠲᠡᠷᠢᠭᠦᠨ ᠤ ᠴᠡᠷᠢᠭ ᠠᠩᠭᠢ ᠶᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠤᠨ ᠶᠠᠪᠤᠳᠠᠯ ᠤᠨ ᠣᠨᠣᠯ ᠤᠨ ᠣᠳᠣᠬᠢᠴᠢᠯᠠᠯᠲᠠ ᠶᠢ ᠲᠦᠷᠭᠡᠳᠬᠡᠬᠦ ᠡᠭᠦᠷᠭᠡ ᠶᠢ ᠭᠦᠨᠵᠡᠭᠡᠢ ᠡᠵᠡᠮᠰᠢᠬᠦ ᠬᠡᠷᠡᠭᠲᠡᠢ᠂ ᠰᠢᠨ᠎ᠡ ᠴᠠᠭ ᠦᠶ᠎ᠡ ᠶᠢᠨ ᠳᠠᠶᠢᠨ ᠪᠠ ᠪᠠᠶᠢᠯᠳᠤᠭᠠᠨ ᠬᠢᠬᠦ ᠣᠨᠣᠯ ᠢ ᠭᠦᠨᠵᠡᠭᠡᠢ ᠰᠤᠳᠤᠯᠬᠤ ᠳᠤ ᠂ ᠭᠤᠣᠯᠳᠠᠯᠭ᠎ᠠ ᠨᠢ ᠤᠨᠤᠯ ᠤᠨ ᠠᠭᠤᠯᠭ᠎ᠠ ᠶᠢᠨ ᠰᠢᠰᠲ᠋ᠧᠮ ᠢ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ᠂ ᠰᠤᠳᠤᠯᠭᠠᠨ ᠤ ᠬᠦᠴᠦᠨ ᠤ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠬᠦ᠂ ᠲᠥᠷᠥ ᠶᠢᠨ ᠪᠣᠳᠣᠯᠭ᠎ᠠ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠴᠡᠷᠢᠭ ᠤᠨ ᠶᠠᠪᠤᠳᠠᠯ ᠤᠨ ᠤᠨᠤᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠳᠤ ᠪᠤᠢ ᠭᠡᠵᠦ ᠱᠠᠭᠠᠷᠳᠠᠪᠠ᠃      ᠬᠤᠷᠠᠯ ᠠᠴᠠ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ ᠶᠢ ᠲᠦᠷᠭᠡᠳᠬᠡᠬᠦ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠶᠠᠷᠢᠯᠴᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠣᠯᠣᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠣᠳᠣᠷᠬᠠᠶᠢᠯᠠᠵᠤ᠂ 6 ᠨᠢᠭᠡᠴᠢ ᠶᠢᠨ ᠬᠢᠨ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃      ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠲᠡᠰ ᠵᠥᠪᠯᠡᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ ᠲᠥᠪ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号