ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠤᠨ ᠡᠷᠢᠶᠡᠨ ᠬᠤᠲᠠ ᠶᠢᠨ ᠵᠡᠬᠦᠨ ᠬᠤᠳᠠ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠥᠷᠲᠡᠭᠡ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/10/18
    10 ᠳ᠋ᠤᠭᠠᠷ ᠰᠠᠷ᠎ᠠ ᠶᠢᠨ 15 ᠤ ᠡᠳᠦᠷ᠂ ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠤᠨ ᠡᠷᠢᠶᠡᠨ ᠬᠤᠲᠠ ᠶᠢᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠥᠷᠲᠡᠭᠡ ᠫᠠᠶᠢᠰᠠ ᠡᠯᠭᠦᠨ ᠭᠡᠷ᠎ᠡ ᠲᠣᠭᠲᠠᠬᠤ ᠶᠣᠰᠣᠯᠠᠯ ᠶᠠᠪᠤᠭᠳᠠᠭᠤᠯᠪᠠ᠂ ᠡᠨᠡ ᠨᠢ ᠠᠶᠢᠮᠠᠭ ᠤᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠠᠵᠢᠯ ᠤᠨ ᠨᠡᠶᠢᠭᠡᠮᠴᠢᠯᠡᠨ ᠤᠷᠲᠤᠳᠤᠭᠰᠠᠨ ᠢ ᠬᠠᠷᠠᠭᠤᠯᠵᠤ ᠪᠠᠶᠢᠨ᠎ᠠ᠂ ᠡᠨᠡ ᠨᠢ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠵᠦ᠂ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠴᠢᠬᠤᠯᠠ ᠨᠢᠭᠡ ᠠᠯᠬᠤᠮ ᠢ ᠠᠯᠬᠤᠭᠰᠠᠨ ᠪᠠᠶᠢᠨ᠎ᠠ᠃
     ᠶᠣᠰᠣᠯᠠᠯ ᠳᠡᠭᠡᠷ᠎ᠡ᠂ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠪᠣᠯᠤᠨ ᠵᠡᠬᠦᠨ ᠬᠤᠳᠠ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠠᠮᠲᠤ ᠪᠠᠷ ᠵᠡᠬᠦᠨ ᠬᠤᠳᠠ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠯ ᠤᠨ ᠵᠢᠯᠣᠭᠤᠳᠬᠤ ᠥᠷᠲᠡᠭᠡᠨ ᠤ ᠫᠠᠶᠢᠰᠠ ᠶᠢ ᠰᠡᠬᠦᠪᠡ᠃
    ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠬᠤ ᠡᠷᠡᠭᠦᠯᠵᠢᠭᠦᠯᠬᠦ ᠪᠣᠯ ᠬᠤᠤᠷ ᠴᠠᠭᠠᠵᠠᠯᠠᠬᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠨᠡᠶᠢᠭᠡᠮ ᠲᠣᠭᠤᠷᠢᠭ ᠤᠨ ᠡᠷᠡᠭᠦᠯᠵᠢᠯ ᠤᠨ ᠠᠵᠢᠯ ᠤᠨ ᠵᠢᠯᠣᠭᠤᠳᠬᠤ ᠥᠷᠲᠡᠭᠡ ᠶᠢ ᠪᠠᠶᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠪᠦᠷᠢᠯᠳᠦᠬᠦᠨ ᠨᠢᠭᠡᠴᠡ ᠨᠦᠭᠦᠳ ᠨᠡᠶᠢᠭᠡᠮ ᠲᠣᠭᠤᠷᠢᠭ ᠤᠨ ᠡᠷᠡᠭᠦᠯᠵᠢᠯ ᠤᠨ ᠵᠢᠯᠣᠭᠤᠳᠬᠤ ᠥᠷᠲᠡᠭᠡ ᠶᠢᠨ ᠲᠠᠪᠴᠠᠩ ᠢ ᠠᠰᠢᠭᠯᠠᠨ᠂ ︽ᠬᠤᠤᠷ ᠴᠠᠭᠠᠵᠠᠯᠠᠬᠤ ᠤᠬᠠᠭᠤᠯᠭ᠎ᠠ + ᠬᠤᠤᠷ ᠲᠠᠲᠠᠬᠤ ᠶᠢ ᠵᠣᠭᠰᠣᠭᠠᠨ ᠬᠠᠪᠰᠤᠷᠤᠨ ᠲᠡᠳᠬᠦᠬᠦ︾ ᠣᠯᠠᠨ ᠲᠠᠯ᠎ᠠ ᠶᠢᠨ ᠡᠭᠦᠷᠭᠡ ᠴᠢᠳᠠᠪᠤᠷᠢ ᠶᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠤᠷ ᠲᠠᠲᠠᠬᠤ ᠶᠢ ᠵᠣᠭᠰᠣᠭᠠᠬᠤ᠂ ᠠᠷᠠᠳᠴᠢᠯᠠᠭᠰᠠᠨ ᠠᠶᠢᠮᠠᠭ ᠤᠨ ᠬᠠᠪᠰᠤᠷᠤᠨ ᠰᠤᠷᠭᠠᠬᠤ᠂ ᠳᠣᠲᠣᠭᠠᠳᠤ ᠶᠢ ᠬᠠᠮᠠᠭᠠᠯᠠᠬᠤ ᠬᠤᠤᠷ ᠴᠠᠭᠠᠵᠠᠯᠠᠬᠤ᠂ ᠨᠡᠶᠢᠭᠡᠮ ᠲᠣᠭᠤᠷᠢᠭ ᠤᠨ ᠬᠠᠪᠰᠤᠷᠤᠨ ᠲᠡᠳᠬᠦᠬᠦ ᠵᠡᠷᠭᠡ ᠣᠯᠠᠨ ᠲᠠᠯ᠎ᠠ ᠶᠢᠨ ᠡᠭᠦᠷᠭᠡ ᠴᠢᠳᠠᠪᠤᠷᠢ ᠶᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠤᠨ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠨ ᠡᠷᠡᠭᠦᠯᠵᠢᠭᠦᠯᠬᠦ ᠬᠥᠮᠦᠰ ᠤᠨ ᠬᠥᠳᠡᠯᠦᠩᠭᠦᠶ ᠪᠠᠷ ᠬᠠᠮᠢᠶᠠᠷᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠶᠢ ᠬᠦᠴᠦᠨ ᠥᠬᠡᠶ ᠪᠣᠯᠭᠠᠬᠤ ᠬᠥᠮᠦᠰ ᠤᠨ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠵᠤ ᠬᠠᠪᠰᠤᠷᠤᠨ ᠲᠡᠳᠬᠦᠬᠦ ᠶᠢ ᠵᠣᠯᠭᠠᠭᠤᠯᠬᠤ ᠶᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠬᠤᠤᠷ ᠲᠠᠲᠠᠬᠤ ᠶᠢ ᠵᠣᠭᠰᠣᠭᠠᠵᠤ ᠡᠷᠡᠭᠦᠯᠵᠢᠭᠦᠯᠬᠦ ᠠᠵᠢᠯ ᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠢᠨ᠎ᠡ ᠪᠠᠶᠢᠷᠢᠰᠢᠯ ᠢ ᠴᠢᠷᠮᠠᠶᠢᠨ ᠪᠣᠶ ᠪᠣᠯᠭᠠᠨ᠎ᠠ᠃
    ᠶᠣᠰᠣᠯᠠᠯ ᠳᠡᠭᠡᠷ᠎ᠡ᠂ ᠰᠢᠯᠢ ᠶᠢᠨ ᠭᠤᠤᠯ ᠠᠶᠢᠮᠠᠭ ᠤᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠵᠡᠬᠦᠨ ᠬᠤᠳᠠ ᠨᠡᠶᠢᠭᠡᠮ ᠲᠣᠭᠤᠷᠢᠭ ᠲᠠᠢ ᠬᠠᠮᠲᠤ ᠪᠠᠷ ︽ᠨᠡᠶᠢᠭᠡᠮ ᠲᠣᠭᠤᠷᠢᠭ ᠤᠨ ᠡᠷᠡᠭᠦᠯᠵᠢᠯ ᠤᠨ ᠵᠢᠯᠣᠭᠤᠳᠬᠤ ᠥᠷᠲᠡᠭᠡ ᠶᠢ ᠵᠣᠯᠭᠠᠭᠤᠯᠵᠤ ᠬᠠᠪᠰᠤᠷᠤᠨ ᠲᠡᠳᠬᠦᠵᠦ ᠬᠠᠮᠲᠤᠷᠠᠯᠴᠠᠨ ᠬᠠᠮᠲᠤ ᠪᠠᠷ ᠪᠠᠶᠢᠭᠤᠯᠬᠤ ᠬᠡᠯᠡᠯᠴᠡᠭᠡᠷ︾ ᠲᠤ ᠭᠠᠷ ᠤᠨ ᠥᠰᠥᠭ ᠵᠢᠷᠤᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号