| | ᠰᠢᠨᠬᠤᠸᠠ ᠬᠤᠷᠢᠶ᠎ᠠ ᠶᠢᠨ ᠰᠢᠶᠠᠮᠧᠨ ᠤ 10 ᠰᠠᠷ᠎ᠠ ᠶᠢᠨ 16 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠹᠦᠵᠢᠶᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠹᠦᠵᠢᠶᠠᠨ ᠮᠤᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ | ᠲᠣᠭᠲᠠᠴᠠ ᠨᠢ ᠠᠮᠢᠳᠤᠯᠢᠭ᠂ ᠠᠵᠤ ᠦᠢᠯᠡᠰ ᠨᠢ ᠰᠢᠯᠢᠳᠡᠭ᠂ ᠠᠷᠠᠳ ᠨᠢ ᠪᠠᠶᠠᠨ᠂ ᠠᠮᠢ ᠠᠬᠤᠢ ᠨᠢ | ᠦᠵᠡᠰᠬᠦᠯᠡᠩᠲᠦ ᠰᠠᠶᠢᠬᠠᠨ ᠰᠢᠨ᠎ᠡ ᠹᠦᠵᠢᠶᠠᠨ ᠢ ᠪᠦᠲᠦᠭᠡᠨ ᠪᠠᠶᠢᠭᠤᠯᠬᠤ ᠬᠠᠷᠠᠯᠲᠠ ᠶᠢ ᠰᠤᠯᠠᠷᠠᠭᠤᠯᠤᠯ ᠦᠭᠡᠢ | ᠠᠳᠬᠤᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠲᠦᠷᠭᠡᠨ ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠨᠡᠩ ᠶᠡᠭᠡ ᠳᠠᠪᠰᠢᠯᠲᠠ ᠲᠠᠢ | ᠪᠣᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ ᠶᠡᠭᠡ | ᠵᠢᠳᠬᠦᠯ ᠴᠢᠷᠮᠠᠶᠢᠯᠭ᠎ᠠ ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ | ᠰᠢᠨ᠎ᠡ ᠵᠠᠮ ᠢ ᠬᠠᠶᠢᠨ ᠰᠦᠪᠡᠭᠴᠢᠯᠡᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠤ᠂ ᠴᠢᠨᠠᠷᠯᠢᠭ ᠠᠮᠢᠳᠤᠷᠠᠯ ᠢ | ᠴᠣᠭᠴᠠᠯᠠᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠷᠢᠭᠦᠨ ᠤ ᠬᠢ ᠪᠤᠯᠬᠤ ᠪᠠᠷ ᠵᠣᠷᠢᠭᠲᠠᠢ | ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | | | | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ | 15 ᠤ ᠦᠳᠡ ᠶᠢᠨ ᠬᠤᠶᠢᠨ᠎ᠠ᠂ ᠰᠢ ᠶᠢᠨ ᠫᠢᠩ ᠵᠠᠩᠵᠸᠤ ᠬᠤᠳᠠ ᠶᠢᠨ ᠳ᠋ᠦᠩᠱᠠᠨ ᠰᠢᠶᠠᠨ ᠤ ᠴᠧᠨᠴᠧᠩ | ᠪᠠᠯᠭᠠᠰᠤᠨ ᠤ ᠤᠤ ᠵᠢᠶᠣᠣ ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠰᠤᠴᠢᠳ ᠲᠠᠢ ᠳᠣᠲᠣᠨᠣ ᠪᠠᠷ | ᠶᠠᠷᠢᠯᠴᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ | 16 ᠤ ᠦᠳᠡ ᠶᠢᠨ ᠡᠮᠦᠨ᠎ᠡ᠂ ᠰᠢ ᠶᠢᠨ ᠫᠢᠩ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠬᠤ ᠳᠠᠭᠠᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ | ᠨᠠᠮ ᠤᠨ ᠬᠤᠷᠢᠶ᠎ᠠ ᠶᠢᠨ ᠱᠦᠵᠢ ᠵᠧᠦ ᠽᠦ ᠢ ᠪᠣᠯᠣᠨ ᠮᠤᠵᠢ ᠶᠢᠨ ᠳᠠᠷᠤᠭ᠎ᠠ ᠵᠣᠣ ᠯᠦᠩ ᠤᠨ ᠪᠠᠷ᠎ᠠ | ᠪᠤᠯᠣᠯᠭ᠎ᠠ ᠲᠠᠢ ᠪᠠᠷ ᠤᠷᠢᠳ ᠬᠤᠵᠢᠳ ᠵᠠᠩᠵᠸᠦ᠂ ᠰᠢᠶᠠᠮᠧᠨ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ | ᠬᠤᠪᠢᠰᠬᠠᠯ ᠤᠨ ᠬᠥᠮᠦᠵᠢᠯ ᠤᠨ ᠰᠠᠭᠤᠷᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ | 15 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠵᠠᠩᠵᠸᠤ ᠬᠤᠳᠠ ᠶᠢᠨ ᠳ᠋ᠦᠩᠱᠠᠨ | ᠰᠢᠶᠠᠨ ᠳᠤ ᠰᠢᠨᠵᠢᠯᠡᠨ ᠪᠠᠶᠢᠴᠠᠭᠠᠪᠠ᠃ ᠲᠤᠰ ᠰᠢᠶᠠᠨ ᠤ ᠵᠡᠭᠦᠨ ᠡᠮᠦᠨ᠎ᠡ ᠪᠡᠶ᠎ᠡ ᠶᠢᠨ ᠴᠧᠨᠴᠧᠩ ᠪᠠᠯᠭᠠᠰᠤᠨ ᠤ ᠤᠤ | ᠵᠢᠶᠣᠣ ᠲᠣᠰᠬᠤᠨ ᠭᠤᠷᠪᠠᠨ ᠲᠠᠯ᠎ᠠ ᠪᠠᠷ ᠢᠶᠠᠨ ᠳᠠᠯᠠᠢ ᠲᠠᠢ ᠵᠠᠯᠭᠠᠯᠳᠤᠵᠤ᠂ ᠣᠶᠢᠷ᠎ᠠ ᠶᠢᠨ ᠵᠢᠯ ᠳᠤ ᠳᠠᠯᠠᠢ ᠳᠤ | ᠲᠦᠰᠢᠭᠯᠡᠨ ᠲᠣᠰᠬᠤᠨ ᠢᠶᠠᠨ ᠮᠠᠨᠳᠤᠭᠤᠯᠬᠤ᠂ ᠳᠠᠯᠠᠢ ᠳᠤ ᠲᠦᠰᠢᠭᠯᠡᠨ ᠲᠣᠰᠬᠤᠨ ᠢᠶᠠᠨ ᠬᠦᠴᠦᠷᠬᠡᠭᠵᠢᠭᠦᠯᠬᠦ ᠰᠢᠨ᠎ᠡ | ᠵᠠᠮ ᠢᠶᠠᠷ ᠵᠠᠮᠨᠠᠪᠠ᠃ ᠰᠢ ᠶᠢᠨ ᠫᠢᠩ ᠤᠤ ᠵᠢᠶᠣᠣ ᠪᠤᠯᠤᠩ ᠤᠨ ᠳᠠᠯᠠᠢ ᠶᠢᠨ ᠣᠷᠣᠨ ᠤ ᠣᠷᠴᠢᠨ ᠲᠣᠭᠤᠷᠢᠨ ᠪᠠ | ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠵᠦ᠂ ᠳᠠᠯᠠᠢ ᠶᠢᠨ ᠢᠳᠡᠭᠡᠨ ᠤ ᠪᠠᠷᠠᠭ᠎ᠠ ᠪᠠ | ᠵᠢᠭᠠᠰᠤᠨ ᠤ ᠭᠠᠷᠤᠯᠲᠠ ᠶᠢᠨ ᠠᠷᠠᠯᠵᠢᠶᠠᠨ ᠤ ᠪᠠᠶᠢᠳᠠᠯ ᠢ ᠨᠠᠷᠢᠨ ᠣᠶᠢᠯᠠᠭᠠᠪᠠ᠃ ᠴᠥᠭᠡᠨ ᠪᠤᠰᠤ ᠲᠡᠯᠡᠶ ᠶᠢᠨ | ᠭᠠᠷᠤᠯᠲᠠ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠴᠥᠮ ᠬᠥᠭᠵᠢᠶᠡᠨ ᠲᠠᠢ ᠪᠠᠶᠢᠵᠤ᠂ ᠲᠣᠰᠬᠤᠨ ᠤ | ᠠᠷᠠᠳ ᠤᠨ ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ ᠪᠠᠶᠢᠬᠤ ᠶᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ | ᠃ ᠲᠡᠷᠡ ᠬᠦᠷᠦᠯᠴᠡᠨ ᠢᠷᠡᠭᠰᠡᠨ ᠲᠣᠰᠬᠤᠨ ᠤ ᠠᠷᠠᠳ ᠪᠣᠯᠣᠨ ᠵᠢᠭᠠᠰᠤᠴᠢᠨ ᠳᠤ᠂ ᠪᠢ 23 ᠵᠢᠯ ᠤᠨ ᠡᠮᠦᠨ᠎ᠡ | ᠲᠠᠨ ᠤ ᠲᠤᠰᠬᠤᠨ ᠳᠤ ᠢᠷᠡᠵᠦ ᠥᠩᠭᠡᠷᠡᠭᠰᠡᠨ ᠶᠤᠮ᠂ ᠣᠳᠣ ᠪᠤᠯᠲᠠᠯ᠎ᠠ ᠭᠦᠨ ᠰᠠᠭᠤᠭᠳᠠᠯ ᠲᠠᠢ ᠪᠠᠶᠢᠨ᠎ᠠ᠃ ᠡᠨᠡ | ᠤᠳᠠᠭ᠎ᠠ ᠲᠣᠰᠬᠤᠨ ᠳᠤ ᠮᠠᠰᠢ ᠶᠡᠭᠡ ᠬᠤᠪᠢᠷᠠᠯᠲᠠ ᠭᠠᠷᠤᠭᠰᠠᠨ ᠢ ᠦᠵᠡᠭᠡᠳ ᠲᠤᠩ ᠪᠠᠶᠠᠷᠯᠠᠵᠤ᠂ ᠲᠤᠩ | ᠳᠣᠭᠳᠣᠯᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠬᠥᠳᠡᠭᠡ ᠲᠣᠰᠬᠤᠨ ᠯᠠᠪᠲᠠᠢ ᠨᠡᠩ ᠭᠡᠭᠡᠨ | ᠰᠠᠷᠠᠭᠤᠯ ᠢᠷᠡᠭᠡᠳᠦᠢ ᠲᠠᠢ ᠪᠣᠯᠵᠤ᠂ ᠲᠠᠷᠢᠶᠠᠴᠢᠳ ᠨᠡᠩ ᠬᠥᠭᠵᠢᠶᠡᠨᠲᠦ ᠠᠮᠢᠳᠤᠷᠠᠯ ᠲᠠᠢ ᠪᠤᠯᠬᠤ ᠶᠤᠮ᠃ | ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠬ᠎ᠠ ᠲᠡᠷᠭᠡᠨ ᠤ ᠦᠢᠯᠡᠳᠦᠯ ᠢᠶᠠᠨ ᠪᠠᠳᠠᠷᠠᠭᠤᠯᠵᠤ᠂ | ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ︽ᠲᠠᠯᠠᠢ ᠲᠠᠩᠭᠢᠰ︾ ᠤᠨ ᠠᠵᠢᠯ ᠢ ᠰᠠᠶᠢᠲᠤᠷ ᠬᠢᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠪᠠᠶᠠᠵᠢᠬᠤ ᠵᠠᠮ ᠳᠡᠭᠡᠷ᠎ᠡ ᠴᠤᠴᠠᠯᠲᠠ ᠦᠭᠡᠢ | ᠤᠷᠤᠭᠰᠢᠯᠠᠬᠤ ᠬᠡᠷᠡᠭᠲᠡᠢ ᠭᠡᠪᠡ᠃ | ᠲᠠᠷᠠᠭ᠎ᠠ ᠨᠢ᠂ ᠰᠢ ᠶᠢᠨ ᠫᠢᠩ ᠭᠦ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠭᠦ᠋ ᠸᠧᠨ | ᠴᠠᠩ ᠨᠥᠬᠦᠷ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠣᠶᠢᠯᠠᠭᠠᠵᠤ᠂ ᠲᠤᠬᠠᠢ ᠶᠢᠨ ᠭᠠᠵᠠᠷ ᠤᠨ | ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠠᠶᠢᠬᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ | ᠭᠦ᠋ ᠸᠧᠨ ᠴᠠᠩ ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠬᠴᠢᠳ ᠤᠨ ᠲᠥᠯᠥᠭᠡᠯᠡᠭᠴᠢᠳ ᠲᠠᠢ | ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠺᠠᠳ᠋ᠷ ᠤᠨ ᠠᠵᠢᠯ ᠤᠨ ᠠᠮᠵᠢᠯᠲᠠ ᠶᠢᠨ ᠰᠠᠶᠢᠨ ᠮᠠᠭᠤ ᠶᠢ ᠬᠡᠮᠵᠢᠬᠦ ᠳᠤ | ᠵᠠᠩᠭᠢᠯᠠᠭ᠎ᠠ ᠨᠢ ᠠᠷᠠᠳ ᠤᠯᠠᠨ ᠤ ᠮᠠᠭᠲᠠᠭᠠᠯ ᠰᠠᠶᠢᠰᠢᠶᠠᠯ ᠰᠠᠶᠢᠨ ᠡᠰᠡᠬᠦ ᠶᠢ ᠦᠵᠡᠨ᠎ᠡ᠃ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠭᠦ᠋ ᠸᠧᠨ ᠴᠠᠩ ᠨᠥᠬᠦᠷ ᠠᠴᠠ ᠲᠠᠭᠠᠨ ᠰᠤᠷᠤᠯᠴᠠᠵᠤ᠂ ᠠᠵᠢᠯ ᠤᠨ ᠪᠦᠲᠦᠮᠵᠢ ᠶᠢᠨ ᠵᠥᠪ | ᠦᠵᠡᠯᠲᠡ ᠶᠢ ᠪᠠᠲᠤ ᠪᠤᠢ ᠪᠤᠯᠭᠠᠵᠤ᠂ ᠳᠠᠷᠤᠭ᠎ᠠ ᠲᠤᠰᠢᠶᠠᠯᠲᠠᠨ ᠪᠣᠯᠪᠠᠰᠤ ᠭᠠᠵᠠᠷ ᠣᠷᠣᠨ ᠤ ᠠᠷᠠᠳ ᠲᠠᠭᠠᠨ ᠪᠤᠶᠠᠨ | ᠦᠢᠯᠡᠳᠴᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ | ᠥᠷᠯᠥᠭ ᠬᠥᠰᠢᠶ᠎ᠡ ᠶᠢ ᠠᠷᠠᠳ ᠤᠯᠠᠨ ᠤ ᠰᠡᠳᠬᠢᠯ ᠳᠤ ᠱᠤᠭᠤᠬᠤ ᠬᠡᠷᠡᠭᠲᠡᠢ᠃ ᠭᠦ᠋ ᠸᠧᠨ ᠴᠠᠩ ᠨᠥᠬᠦᠷ ᠠᠴᠠ | ᠰᠤᠷᠤᠯᠴᠠᠬᠤ ᠳᠤ᠂ ᠲᠡᠭᠦᠨ ᠤ ᠮᠣᠷᠠᠯ ᠡᠷᠳᠡᠮ ᠬᠤᠣᠰᠯᠠᠭᠰᠠᠨ ᠡᠷᠬᠢᠮ ᠳᠡᠭᠡᠳᠦ ᠵᠠᠩ ᠰᠤᠷᠲᠠᠯ ᠢ ᠨᠢ ᠪᠢᠰᠢᠷᠡᠨ | ᠰᠤᠷᠤᠯᠴᠠᠬᠤ ᠪᠠᠷ ᠪᠠᠷᠠᠬᠤ ᠦᠭᠡᠢ᠂ ᠲᠡᠭᠦᠨ ᠰᠢᠭ ᠬᠥᠮᠥᠨ ᠪᠣᠯᠵᠤ ᠵᠠᠰᠠᠭ ᠪᠠᠷᠢᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠭᠤᠸᠠᠨ ᠳ᠋ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠰᠢ ᠶᠢᠨ ᠫᠢᠩ ᠲᠤᠬᠠᠢ ᠶᠢᠨ ᠭᠠᠵᠠᠷ ᠤᠨ | ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠶᠠᠷ ᠬᠥᠪᠡᠭᠡᠨ ᠤ ᠰᠣᠶᠣᠯ ᠤᠨ ᠰᠣᠯᠢᠯᠴᠠᠭ᠎ᠠ ᠶᠢ | ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠣᠶᠣᠯ ᠤᠨ ᠥᠪ ᠪᠣᠯ | ᠡᠪᠦᠭᠡ ᠳᠡᠭᠡᠳᠦᠰ ᠤᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠰᠠᠶᠢᠲᠤᠷ ᠬᠠᠮᠠᠭᠠᠯᠠᠵᠤ᠂ | ᠰᠠᠶᠢᠲᠤᠷ ᠤᠯᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | 16 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠮᠧᠨ ᠳᠤ ᠳᠤᠮᠳᠠᠳᠤ ᠤᠯᠤᠰ ︵ᠹᠦᠵᠢᠶᠠᠨ︶ ᠤᠨ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠪᠠ᠃ ᠲᠡᠷᠡ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ | ᠦᠵᠡᠭᠦᠯᠭᠡ ᠶᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠬᠦ᠂ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ | ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠤᠨ | ᠴᠣᠩᠬᠤᠪᠴᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠰᠢᠶᠠᠮᠧᠨ ᠣᠨᠴᠠᠭᠠᠢ ᠣᠷᠣᠨ | 40 ᠭᠠᠷᠤᠢ ᠵᠢᠯ ᠤᠨ ᠬᠥᠭᠵᠢᠯᠲᠡ ᠪᠠᠷ ᠳᠠᠮᠵᠢᠨ ᠲᠤᠬᠠᠢ ᠶᠢᠨ ᠵᠢᠯ ᠳᠤ ᠲᠥᠰᠥᠭᠡᠯᠡᠬᠦᠶ᠎ᠡ ᠪᠡᠷᠬᠡ ᠯᠤᠲᠤ ᠶᠡᠭᠡ | ᠬᠤᠪᠢᠷᠠᠯᠲᠠ ᠭᠠᠷᠴᠠᠢ᠃ ᠥᠨᠥᠳᠥᠷ ᠥᠭᠡᠷᠡᠴᠢᠯᠡᠯᠲᠡ ᠨᠡᠭᠡᠭᠡᠯᠲᠡ ᠶᠢ ᠠᠳᠬᠤᠬᠤ ᠶᠢᠨ ᠭᠦᠨᠴᠡ ᠪᠠ ᠥᠷᠭᠡᠴᠡ ᠶᠢᠨ | ᠲᠠᠯ᠎ᠠ ᠪᠠᠷ ᠴᠥᠮ ᠥᠩᠭᠡᠷᠡᠭᠰᠡᠨ ᠤ ᠱᠠᠭᠠᠷᠳᠠᠯᠭ᠎ᠠ ᠠᠴᠠ ᠨᠡᠩ ᠥᠨᠳᠥᠷ ᠪᠣᠯᠪᠠ᠃ ᠹᠦᠵᠢᠶᠠᠨ ᠪᠣᠯᠣᠨ | ᠰᠢᠶᠠᠮᠧᠨ ᠤ ᠬᠢᠨ ᠪᠠᠶᠢᠳᠠᠯ ᠤᠨ ᠬᠥᠭᠵᠢᠯᠲᠡ ᠳᠤ ᠵᠣᠬᠢᠴᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠠᠬᠢᠭᠤᠯᠵᠤ᠂ ᠣᠯᠠᠨ ᠤᠯᠤᠰ ᠤᠨ ᠥᠨᠳᠥᠷ ᠪᠠᠷᠢᠮᠵᠢᠶ᠎ᠠ ᠪᠠᠷ ᠭᠦᠨ ᠬᠠᠭᠠᠯᠪᠤᠷᠢᠯᠠᠵᠤ ᠨᠠᠷᠢᠯᠢᠭ | ᠠᠷᠠᠴᠢᠯᠠᠬᠤ ᠶᠢ ᠵᠣᠯᠭᠠᠭᠤᠯᠵᠤ᠂ ᠳᠦᠷᠢᠮ ᠤᠨ ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠦᠷ᠎ᠡ | ᠪᠦᠲᠦᠭᠡᠯ ᠢ ᠢᠯᠡᠭᠦᠬᠡᠨ ᠭᠠᠷᠭᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤ | ᠳᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 16 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠠᠮᠧᠨ ᠳᠤ ᠹᠦᠵᠢᠶᠠᠨ ᠮᠤᠵᠢ ᠶᠢᠨ ᠨᠠᠮ ᠤᠨ ᠬᠤᠷᠢᠶ᠎ᠠ | ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ | ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ | ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ᠃ ᠪᠦᠭᠦ | ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ | ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠭᠡᠳᠦ ᠲᠡᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠪᠣᠭᠤᠮᠲᠠ ᠰᠢᠪᠲᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠲᠣᠭᠲᠠᠴᠠ ᠶᠢ ᠲᠡᠭᠦᠯᠳᠡᠷᠵᠢᠭᠦᠯᠵᠦ᠂ | ᠨᠡᠩ ᠪᠦᠷᠢᠨ ᠲᠡᠭᠦᠯᠳᠡᠷ ᠰᠢᠨ᠎ᠡ ᠶᠢ ᠡᠭᠦᠳᠬᠦ ᠣᠷᠴᠢᠨ ᠨᠥᠬᠦᠴᠡᠯ᠂ ᠨᠡᠩ ᠲᠠᠲᠠᠬᠤ ᠬᠦᠴᠦᠨ ᠲᠠᠢ ᠴᠢᠳᠠᠪᠤᠷᠢᠲᠠᠨ ᠤ | ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢ ᠪᠠᠲᠤ ᠰᠠᠬᠢᠵᠤ᠂ | ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠵᠦ᠂ ᠭᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ | ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ ᠡᠷᠡᠯᠬᠡᠭᠯᠡᠨ ᠲᠡᠮᠡᠴᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠣᠪᠤᠶᠢᠯᠭᠠᠨ᠂ ᠦᠷᠭᠦᠯᠵᠢᠯᠡᠨ ᠵᠣᠷᠢᠭᠲᠠᠢ ᠪᠠᠷ | ᠲᠤᠷᠰᠢᠵᠤ᠂ ᠵᠣᠷᠢᠭᠲᠠᠢ ᠪᠠᠷ ᠰᠢᠪᠲᠤᠯᠤᠯᠲᠠ ᠬᠢᠵᠦ᠂ ᠪᠡᠶ᠎ᠡ ᠪᠠᠨ ᠳᠠᠭᠠᠭᠠᠵᠤ ᠥᠭᠡᠷᠡᠴᠢᠯᠡᠯᠲᠡ ᠬᠢᠬᠦ ᠬᠡᠷᠡᠭᠲᠡᠢ᠃ ︽ | ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠵᠤ᠂ ︽ᠵᠢᠨᠵᠢᠶᠠᠩ ᠤᠨ ᠲᠤᠷᠰᠢᠯᠭ᠎ᠠ︾ ᠶᠢ ᠰᠢᠨ᠎ᠡ ᠶᠢ | ᠡᠭᠦᠳᠦᠨ ᠬᠥᠭᠵᠢᠭᠦᠯᠵᠦ᠂ ᠪᠦᠭᠦ ᠨᠡᠶᠢᠭᠡᠮ ᠤᠨ ᠪᠡᠯᠡ ᠣᠷᠣᠭᠤᠯᠵᠤ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠤᠯᠠᠨ ᠤ ᠪᠤᠳᠤᠵᠤ ᠰᠠᠨᠠᠭᠰᠠᠨ ᠵᠦᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢ ᠤᠷᠢᠳ ᠢᠶᠠᠷ | ᠰᠠᠶᠢᠲᠤᠷ ᠠᠳᠬᠤᠬᠤ ᠬᠡᠷᠡᠭᠲᠡᠢ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ 21 ᠳ᠋ᠦ᠋ᠭᠡᠷ ᠵᠠᠭᠤᠨ ᠤ ᠲᠠᠯᠠᠢ ᠳᠡᠭᠡᠷᠡᠬᠢ | ᠲᠣᠷᠭᠠᠨ ᠵᠠᠮ ᠤᠨ ᠭᠤᠣᠯ ᠣᠷᠣᠨ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠴᠢᠬᠤᠯᠠ ᠨᠡᠪᠲᠡᠷᠡᠬᠦ ᠵᠠᠮ ᠤᠨ ᠴᠢᠳᠠᠮᠵᠢ ᠶᠢ ᠪᠠᠬᠢᠵᠢᠭᠦᠯᠦᠨ | ᠥᠷᠭᠡᠳᠬᠡᠬᠦ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢ ᠠᠭᠤᠰᠤᠯᠴᠠᠭᠤᠯᠤᠨ ᠬᠥᠭᠵᠢᠭᠦᠯᠬᠦ | ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯᠣᠨ ᠬᠤᠳᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠵᠢᠱᠢᠶ᠎ᠡ ᠦᠵᠡᠭᠦᠯᠭᠦ ᠬᠡᠷᠡᠭᠲᠡᠢ᠃ ᠠᠭᠤᠯᠠᠷᠬᠠᠭ ᠣᠷᠣᠨ ᠪᠠ | ᠲᠠᠯᠠᠢ ᠳᠠᠭᠠᠤ ᠣᠷᠣᠨ ᠤ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠦᠨ ᠭᠦᠨᠵᠡᠭᠡᠶᠢᠷᠡᠭᠦᠯᠵᠦ᠂ ᠠᠭᠤᠯᠠᠷᠬᠠᠭ | ᠣᠷᠣᠨ ᠪᠠ ᠲᠠᠯᠠᠢ ᠳᠠᠭᠠᠤ ᠣᠷᠣᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ | ᠴᠢᠳᠠᠮᠵᠢ ᠶᠢᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠠᠮᠢ ᠠᠬᠤᠢ ᠶᠢᠨ | ᠪᠣᠯᠪᠠᠰᠤᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠨᠳᠥᠷ | ᠠᠭᠤᠯᠠ ᠠᠴᠠ ᠲᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠤᠨ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠲᠠᠯᠠᠢ ᠶᠢᠨ | ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠪᠠᠭᠲᠠᠭᠠᠮᠵᠢ ᠶᠢ | ᠥᠷᠭᠡᠳᠬᠡᠬᠦ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠴᠢᠩᠭᠠᠳᠬᠠᠵᠤ᠂ ᠬᠤᠲᠠ | ᠬᠥᠳᠡᠭᠡ ᠶᠢᠨ ᠠᠭᠤᠰᠤᠯᠴᠠᠨ ᠬᠥᠭᠵᠢᠬᠦ ᠠᠯᠬᠤᠴᠠ ᠶᠢ ᠲᠦᠷᠭᠡᠳᠬᠡᠬᠦ ᠬᠡᠷᠡᠭᠲᠡᠢ᠃ ᠰᠢᠶᠠᠨ ᠤ ᠬᠡᠪᠴᠢᠶᠡᠨ ᠤ ᠠᠵᠤ | ᠠᠬᠤᠢ ᠶᠢ ᠪᠤᠵᠠᠭᠠᠶᠢᠷᠠᠭᠤᠯᠵᠤ᠂ ᠡᠷᠲᠡ ᠴᠢᠯᠦᠭᠡᠯᠡᠭᠳᠡᠭᠰᠡᠨ ᠣᠷᠣᠨ ᠰᠣᠪᠢᠶᠠᠳ ᠣᠷᠣᠨ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ | ᠂ ᠬᠠᠮ ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠣᠨᠴᠠᠯᠢᠭᠲᠤ | ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ᠃ ᠬᠠᠮᠲᠤ ᠶᠢᠨ ᠣᠶ ᠰᠢᠭᠤᠢ ᠶᠢᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶ ᠰᠢᠭᠤᠢ ᠶᠢᠨ ᠢᠳᠡᠭᠡᠨ ᠪᠠ ᠣᠶ | ᠳᠣᠲᠣᠷᠠᠬᠢ ᠠᠵᠤ ᠠᠬᠤᠢ ᠶᠢ ᠬᠥᠭᠵᠢᠭᠦᠯᠦᠨ᠂ ︽ᠣᠶ ᠰᠢᠭᠤᠢ ᠶᠢᠨ ᠠᠮᠤ ᠶᠢᠨ ᠰᠠᠩ᠂ ᠵᠣᠭᠤᠰᠤᠨ ᠬᠥᠮᠥᠷᠭᠡ︾ | ᠶᠢ ᠲᠠᠰᠤᠷᠠᠯᠲᠠ ᠦᠭᠡᠢ ᠠᠭᠤᠳᠠᠯᠤᠨ ᠪᠤᠶᠢᠵᠢᠭᠤᠯᠬᠤ ᠬᠡᠷᠡᠭᠲᠡᠢ᠃ ᠹᠦᠵᠧᠦ᠂ ᠰᠢᠶᠠᠮᠧᠨ ᠤ ᠪᠦᠭᠦ ᠤᠯᠤᠰ ᠤᠨ | ᠲᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠲᠦᠷᠭᠡᠪᠴᠢᠯᠡᠨ | ᠪᠦᠲᠦᠭᠡᠨ ᠪᠠᠶᠢᠭᠤᠯᠬᠤ ᠶᠢ ᠠᠬᠢᠭᠤᠯᠵᠤ᠂ ᠲᠠᠯᠠᠢ ᠲᠠᠩᠭᠢᠰ ᠤᠨ ᠠᠵᠤ ᠠᠬᠤᠢ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠢ᠃ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ | ᠰᠡᠷᠭᠡᠶᠢᠯᠡᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠹᠦᠵᠢᠶᠠᠨ ᠤ ᠰᠢᠨ᠎ᠡ ᠳᠦᠷᠢ | ᠲᠥᠷᠬᠦ ᠶᠢ ᠢᠯᠡᠷᠡᠭᠦᠯᠬᠦ ᠳᠤ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠪᠢᠰᠬᠠᠯ ᠤᠨ | ᠰᠣᠶᠣᠯ ᠢ ᠤᠯᠠᠮᠵᠢᠯᠠᠨ ᠪᠠᠳᠠᠷᠠᠭᠤᠯᠵᠤ᠂ ᠴᠠᠩ ᠲᠢᠩ᠂ ᠨᠢᠩᠬᠤᠸᠠ ᠶᠢᠨ ᠤᠷᠳᠤ ᠵᠠᠮ ᠤᠨ ᠠᠶᠠᠨ ᠲᠠᠶᠢᠨ ᠤ | ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ᠂ ᠬᠤᠪᠢᠰᠬᠠᠯ ᠤᠨ ᠲᠡᠦᠬᠡᠨ ᠮᠠᠲ᠋ᠧᠷᠢᠶᠠᠯ ᠪᠣᠯᠣᠨ | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠯᠭᠠᠨ ᠤ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠬᠦ | ᠬᠡᠷᠡᠭᠲᠡᠢ᠃ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠰᠣᠶᠣᠯ ᠢᠶᠠᠷ ᠬᠥᠮᠥᠨ ᠢ | ᠤᠬᠠᠭᠠᠷᠠᠭᠤᠯᠬᠤ ᠠᠵᠢᠯ ᠢ ᠴᠥᠬᠦᠷᠡᠰᠢ ᠦᠭᠡᠢ ᠰᠠᠶᠢᠲᠤᠷ ᠬᠢᠵᠦ᠂ ᠵᠠᠩᠰᠢᠯ ᠢ ᠬᠠᠯᠠᠵᠤ ᠳᠠᠳᠬᠠᠯ ᠢᠶᠠᠨ | ᠥᠭᠡᠷᠡᠴᠢᠯᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ | ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ | ᠪᠤᠶᠢᠵᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠰᠣᠶᠣᠯ ᠤᠨ ᠰᠣᠯᠢᠯᠴᠠᠭ᠎ᠠ ᠶᠢ | ᠠᠬᠢᠭᠤᠯᠵᠤ᠂ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠤᠨ ᠳᠡᠯᠭᠡᠷᠡᠭᠦᠯᠵᠦ᠂ ᠲᠠᠶᠢᠸᠠᠨ ᠤ ᠠᠬ᠎ᠠ ᠳᠡᠭᠦᠦ | ᠨᠠᠷ ᠤᠨ ᠦᠨᠳᠦᠰᠦᠲᠡᠨ ᠤ ᠬᠠᠮᠲᠤ ᠶᠢᠨ ᠲᠠᠨᠢᠯᠲᠠ᠂ ᠰᠣᠶᠣᠯ ᠤᠨ ᠬᠠᠮᠲᠤ ᠶᠢᠨ ᠲᠠᠨᠢᠯᠲᠠ᠂ ᠤᠯᠤᠰ ᠤᠨ | ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠲᠥᠷᠥᠯ ᠰᠠᠳᠤᠨ ᠨᠤᠲᠤᠭ ᠤᠨ ᠠᠬ᠎ᠠ ᠳᠡᠭᠦᠦ ᠨᠠᠷ᠂ | ᠳᠡᠭᠡᠳᠦᠰ ᠤᠨ ᠭᠠᠵᠠᠷ ᠤᠨ ᠰᠣᠶᠣᠯ ᠵᠡᠷᠭᠡ ᠬᠤᠯᠪᠣᠭᠠᠰᠤ ᠳᠤ ᠲᠦᠰᠢᠭᠯᠡᠨ ᠬᠠᠷᠢᠶᠠᠲᠤ ᠨᠠᠷ ᠤᠨ ᠰᠡᠳᠬᠢᠯ ᠢ | ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠭᠡᠰᠢᠭᠦᠨ ᠺᠠᠳ᠋ᠷᠴᠤᠳ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ | ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠶᠢ ᠬᠥᠮᠥᠵᠢᠭᠦᠯᠵᠦ᠂ ᠵᠣᠷᠢᠭᠲᠠᠢ ᠪᠠᠷ ᠲᠦᠷᠦᠭᠦᠯᠡᠨ | ᠬᠢᠵᠦ᠂ ᠰᠠᠶᠢᠲᠤᠷ ᠲᠡᠮᠡᠴᠡᠵᠦ ᠢᠯᠠᠯᠲᠠ ᠣᠯᠬᠤ ᠵᠠᠮ ᠨᠡᠭᠡᠭᠡᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ | ᠦᠷᠭᠦᠯᠵᠢᠯᠡᠨ ᠪᠠᠳᠠᠷᠠᠭᠤᠯᠵᠤ᠂ ᠵᠣᠷᠢᠭᠲᠠᠢ ᠪᠠᠷ ᠤᠷᠤᠭᠰᠢᠯᠠᠨ ᠲᠠᠪᠰᠢᠵᠤ᠂ ᠴᠢᠳᠠᠮᠠᠭᠠᠢ ᠠᠵᠢᠯᠯᠠᠨ ᠠᠮᠵᠢᠯᠲᠠ | ᠪᠦᠲᠦᠮᠵᠢ ᠭᠠᠷᠭᠠᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ | ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠵᠦ᠂ ᠤᠭ ᠰᠠᠨᠠᠭ᠎ᠠ ᠪᠠᠨ ᠥᠯᠥ ᠮᠠᠷᠲᠠᠨ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠡᠪ | ᠬᠠᠮᠲᠤᠴᠤᠳ ᠤᠨ ᠤᠯᠤᠰ ᠲᠥᠷᠥ ᠶᠢᠨ ᠮᠥᠨ ᠴᠢᠨᠠᠷ ᠢ ᠡᠭᠦᠷᠢᠳᠡ ᠬᠠᠳᠠᠭᠠᠯᠠᠬᠤ ᠬᠡᠷᠡᠭᠲᠡᠢ᠃ ᠬᠡᠯᠪᠡᠷᠢᠴᠢ ᠦᠵᠡᠯ ᠢ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ | ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ | ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ | ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |