| | ᠰᠢᠨᠬᠤᠸᠠ ᠬᠤᠷᠢᠶ᠎ᠠ ᠶᠢᠨ ᠰᠢᠶᠠᠮᠧᠨ ᠤ 10 ᠰᠠᠷ᠎ᠠ ᠶᠢᠨ 16 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠹᠦᠵᠢᠶᠠᠨ ᠳᠤ ᠰᠢᠨᠵᠢᠯᠡᠨ ᠪᠠᠶᠢᠴᠠᠭᠠᠬᠤ ᠳᠠᠭᠠᠨ᠂ | ᠹᠦᠵᠢᠶᠠᠨ ᠮᠤᠵᠢ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠲᠣᠭᠲᠠᠴᠠ ᠨᠢ ᠠᠮᠢᠳᠤᠯᠢᠭ᠂ ᠠᠵᠤ ᠦᠢᠯᠡᠰ ᠨᠢ ᠰᠢᠯᠢᠳᠡᠭ᠂ ᠠᠷᠠᠳ ᠨᠢ ᠪᠠᠶᠠᠨ | ᠂ ᠠᠮᠢ ᠠᠬᠤᠢ ᠨᠢ ᠦᠵᠡᠰᠬᠦᠯᠡᠩᠲᠦ ᠰᠠᠶᠢᠬᠠᠨ ᠰᠢᠨ᠎ᠡ ᠹᠦᠵᠢᠶᠠᠨ ᠢ ᠪᠦᠲᠦᠭᠡᠨ ᠪᠠᠶᠢᠭᠤᠯᠬᠤ ᠬᠠᠷᠠᠯᠲᠠ ᠶᠢ ᠰᠤᠯᠠᠷᠠᠭᠤᠯᠤᠯ | ᠦᠭᠡᠢ ᠠᠳᠬᠤᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠲᠦᠷᠭᠡᠨ ᠪᠦᠲᠦᠭᠡᠨ ᠪᠠᠶᠢᠭᠤᠯᠬᠤ ᠲᠠᠯ᠎ᠠ ᠪᠠᠷ ᠦᠷᠭᠦᠯᠵᠢᠯᠡᠨ ᠨᠡᠩ ᠶᠡᠭᠡ ᠳᠠᠪᠰᠢᠯᠲᠠ ᠲᠠᠢ ᠪᠣᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠨᠠᠩ ᠶᠡᠭᠡ ᠵᠢᠳᠬᠦᠯ ᠴᠢᠷᠮᠠᠶᠢᠯᠭ᠎ᠠ | ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ | ᠰᠦᠪᠡᠭᠴᠢᠯᠡᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠵᠤ᠂ ᠴᠢᠨᠠᠷᠯᠢᠭ ᠠᠮᠢᠳᠤᠷᠠᠯ ᠢ ᠴᠣᠭᠴᠠᠯᠠᠬᠤ ᠲᠠᠯ᠎ᠠ ᠪᠠᠷ ᠨᠠᠩ ᠶᠡᠭᠡ | ᠰᠢᠪᠲᠤᠯᠤᠯᠲᠠ ᠭᠠᠷᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤᠮᠳᠠ ᠲᠡᠷᠢᠭᠦᠨ ᠤ ᠬᠢ ᠪᠤᠯᠬᠤ ᠪᠠᠷ ᠵᠣᠷᠢᠭᠲᠠᠢ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ | | | | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 15 ᠤ ᠦᠳᠡ ᠶᠢᠨ | ᠬᠤᠶᠢᠨ᠎ᠠ᠂ ᠰᠢ ᠶᠢᠨ ᠫᠢᠩ ᠵᠠᠩᠵᠸᠤ ᠬᠤᠳᠠ ᠶᠢᠨ ᠳ᠋ᠦᠩᠱᠠᠨ ᠰᠢᠶᠠᠨ ᠤ ᠴᠧᠨᠴᠧᠩ ᠪᠠᠯᠭᠠᠰᠤᠨ ᠤ ᠤᠤ ᠵᠢᠶᠣᠣ | ᠲᠣᠰᠬᠤᠨ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠰᠤᠴᠢᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | | | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 16 ᠤ ᠦᠳᠡ ᠶᠢᠨ | ᠡᠮᠦᠨ᠎ᠡ᠂ ᠰᠢ ᠶᠢᠨ ᠫᠢᠩ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠬᠤ ᠳᠠᠭᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠤᠨ | ᠴᠣᠩᠬᠤᠪᠴᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠶᠠᠨ ᠶᠠᠨ ᠰᠡᠭᠦᠳᠡᠷᠯᠡᠪᠡ | | 10 ᠰᠠᠷ᠎ᠠ ᠶᠢᠨ 15 ᠤ ᠡᠳᠦᠷ ᠠᠴᠠ 16 ᠤ ᠡᠳᠦᠷ ᠪᠤᠯᠲᠠᠯ᠎ᠠ᠂ ᠰᠢ ᠶᠢᠨ ᠫᠢᠩ ᠹᠦᠵᠢᠶᠠᠨ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠵᠧᠦ ᠽᠦ ᠢ ᠪᠣᠯᠣᠨ ᠮᠤᠵᠢ ᠶᠢᠨ ᠳᠠᠷᠤᠭ᠎ᠠ ᠵᠣᠣ ᠯᠦᠩ ᠤᠨ ᠪᠠᠷ᠎ᠠ ᠪᠤᠯᠣᠯᠭ᠎ᠠ ᠲᠠᠢ ᠪᠠᠷ ᠤᠷᠢᠳ | ᠬᠤᠵᠢᠳ ᠵᠠᠩᠵᠸᠦ᠂ ᠰᠢᠶᠠᠮᠧᠨ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠬᠤᠪᠢᠰᠬᠠᠯ ᠤᠨ ᠬᠥᠮᠦᠵᠢᠯ ᠤᠨ | ᠰᠠᠭᠤᠷᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠵᠡᠷᠭᠡ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ | 15 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠵᠠᠩᠵᠸᠤ ᠬᠤᠳᠠ ᠶᠢᠨ ᠳ᠋ᠦᠩᠱᠠᠨ ᠰᠢᠶᠠᠨ ᠳᠤ | ᠰᠢᠨᠵᠢᠯᠡᠨ ᠪᠠᠶᠢᠴᠠᠭᠠᠪᠠ᠃ ᠲᠤᠰ ᠰᠢᠶᠠᠨ ᠤ ᠵᠡᠭᠦᠨ ᠡᠮᠦᠨ᠎ᠡ ᠪᠡᠶ᠎ᠡ ᠶᠢᠨ ᠴᠧᠨᠴᠧᠩ ᠪᠠᠯᠭᠠᠰᠤᠨ ᠤ ᠤᠤ ᠵᠢᠶᠣᠣ ᠲᠣᠰᠬᠤᠨ | ᠭᠤᠷᠪᠠᠨ ᠲᠠᠯ᠎ᠠ ᠪᠠᠷ ᠢᠶᠠᠨ ᠳᠠᠯᠠᠢ ᠲᠠᠢ ᠵᠠᠯᠭᠠᠯᠳᠤᠵᠤ᠂ ᠣᠶᠢᠷ᠎ᠠ ᠶᠢᠨ ᠵᠢᠯ ᠳᠤ ᠳᠠᠯᠠᠢ ᠳᠤ ᠲᠦᠰᠢᠭᠯᠡᠨ ᠲᠣᠰᠬᠤᠨ ᠢᠶᠠᠨ | ᠮᠠᠨᠳᠤᠭᠤᠯᠬᠤ᠂ ᠳᠠᠯᠠᠢ ᠳᠤ ᠲᠦᠰᠢᠭᠯᠡᠨ ᠲᠣᠰᠬᠤᠨ ᠢᠶᠠᠨ ᠬᠦᠴᠦᠷᠬᠡᠭᠵᠢᠭᠦᠯᠬᠦ ᠰᠢᠨ᠎ᠡ ᠵᠠᠮ ᠢᠶᠠᠷ ᠵᠠᠮᠨᠠᠪᠠ᠃ ᠰᠢ ᠶᠢᠨ ᠫᠢᠩ | ᠤᠤ ᠵᠢᠶᠣᠣ ᠪᠤᠯᠤᠩ ᠤᠨ ᠳᠠᠯᠠᠢ ᠶᠢᠨ ᠣᠷᠣᠨ ᠤ ᠣᠷᠴᠢᠨ ᠲᠣᠭᠤᠷᠢᠨ ᠪᠠ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ | ᠪᠠᠶᠢᠴᠠᠭᠠᠨ ᠦᠵᠡᠵᠦ᠂ ᠳᠠᠯᠠᠢ ᠶᠢᠨ ᠢᠳᠡᠭᠡᠨ ᠤ ᠪᠠᠷᠠᠭ᠎ᠠ ᠪᠠ ᠵᠢᠭᠠᠰᠤᠨ ᠤ ᠭᠠᠷᠤᠯᠲᠠ ᠶᠢᠨ ᠠᠷᠠᠯᠵᠢᠶᠠᠨ ᠤ ᠪᠠᠶᠢᠳᠠᠯ ᠢ | ᠨᠠᠷᠢᠨ ᠣᠶᠢᠯᠠᠭᠠᠪᠠ᠃ ᠴᠥᠭᠡᠨ ᠪᠤᠰᠤ ᠲᠡᠯᠡᠶ ᠶᠢᠨ ᠭᠠᠷᠤᠯᠲᠠ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠴᠥᠮ | ᠬᠥᠭᠵᠢᠶᠡᠨ ᠲᠠᠢ ᠪᠠᠶᠢᠵᠤ᠂ ᠲᠣᠰᠬᠤᠨ ᠤ ᠠᠷᠠᠳ ᠤᠨ ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ ᠪᠠᠶᠢᠬᠤ ᠶᠢ | ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠬᠦᠷᠦᠯᠴᠡᠨ ᠢᠷᠡᠭᠰᠡᠨ ᠲᠣᠰᠬᠤᠨ ᠤ ᠠᠷᠠᠳ ᠪᠣᠯᠣᠨ | ᠵᠢᠭᠠᠰᠤᠴᠢᠨ ᠳᠤ᠂ ᠪᠢ 23 ᠵᠢᠯ ᠤᠨ ᠡᠮᠦᠨ᠎ᠡ ᠲᠠᠨ ᠤ ᠲᠤᠰᠬᠤᠨ ᠳᠤ ᠢᠷᠡᠵᠦ ᠥᠩᠭᠡᠷᠡᠭᠰᠡᠨ ᠶᠤᠮ᠂ ᠣᠳᠣ ᠪᠤᠯᠲᠠᠯ᠎ᠠ | ᠭᠦᠨ ᠰᠠᠭᠤᠭᠳᠠᠯ ᠲᠠᠢ ᠪᠠᠶᠢᠨ᠎ᠠ᠃ ᠡᠨᠡ ᠤᠳᠠᠭ᠎ᠠ ᠲᠣᠰᠬᠤᠨ ᠳᠤ ᠮᠠᠰᠢ ᠶᠡᠭᠡ ᠬᠤᠪᠢᠷᠠᠯᠲᠠ ᠭᠠᠷᠤᠭᠰᠠᠨ ᠢ ᠦᠵᠡᠭᠡᠳ | ᠲᠤᠩ ᠪᠠᠶᠠᠷᠯᠠᠵᠤ᠂ ᠲᠤᠩ ᠳᠣᠭᠳᠣᠯᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠬᠥᠳᠡᠭᠡ ᠲᠣᠰᠬᠤᠨ ᠯᠠᠪᠲᠠᠢ | ᠨᠡᠩ ᠭᠡᠭᠡᠨ ᠰᠠᠷᠠᠭᠤᠯ ᠢᠷᠡᠭᠡᠳᠦᠢ ᠲᠠᠢ ᠪᠣᠯᠵᠤ᠂ ᠲᠠᠷᠢᠶᠠᠴᠢᠳ ᠨᠡᠩ ᠬᠥᠭᠵᠢᠶᠡᠨᠲᠦ ᠠᠮᠢᠳᠤᠷᠠᠯ ᠲᠠᠢ ᠪᠤᠯᠬᠤ ᠶᠤᠮ᠃ | ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠬ᠎ᠠ ᠲᠡᠷᠭᠡᠨ ᠤ ᠦᠢᠯᠡᠳᠦᠯ ᠢᠶᠠᠨ ᠪᠠᠳᠠᠷᠠᠭᠤᠯᠵᠤ᠂ | ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ︽ᠲᠠᠯᠠᠢ ᠲᠠᠩᠭᠢᠰ︾ ᠤᠨ ᠠᠵᠢᠯ ᠢ ᠰᠠᠶᠢᠲᠤᠷ ᠬᠢᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠮᠲᠤ ᠪᠠᠷ ᠪᠠᠶᠠᠵᠢᠬᠤ ᠵᠠᠮ ᠳᠡᠭᠡᠷ᠎ᠡ ᠴᠤᠴᠠᠯᠲᠠ ᠦᠭᠡᠢ ᠤᠷᠤᠭᠰᠢᠯᠠᠬᠤ | ᠬᠡᠷᠡᠭᠲᠡᠢ ᠭᠡᠪᠡ᠃ | ᠲᠠᠷᠠᠭ᠎ᠠ ᠨᠢ᠂ ᠰᠢ ᠶᠢᠨ ᠫᠢᠩ ᠭᠦ᠋ ᠸᠧᠨ ᠴᠠᠩ ᠤᠨ ᠳᠤᠷᠠᠰᠬᠠᠯ ᠤᠨ ᠣᠷᠳᠣᠨ ᠳᠤ ᠬᠦᠷᠴᠦ᠂ ᠭᠦ᠋ ᠸᠧᠨ ᠴᠠᠩ | ᠨᠥᠬᠦᠷ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠣᠶᠢᠯᠠᠭᠠᠵᠤ᠂ ᠲᠤᠬᠠᠢ ᠶᠢᠨ ᠭᠠᠵᠠᠷ ᠤᠨ ᠬᠤᠪᠢᠰᠬᠠᠯᠲᠤ | ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠪᠠᠶᠢᠬᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠭᠦ᠋ ᠸᠧᠨ ᠴᠠᠩ | ᠺᠠᠳ᠋ᠷ ᠤᠨ ᠳᠡᠭᠡᠳᠦ ᠰᠤᠷᠭᠠᠭᠤᠯᠢ ᠶᠢᠨ ᠪᠠᠭᠰᠢ᠂ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ | ᠰᠢ ᠶᠢᠨ ᠫᠢᠩ᠂ ᠺᠠᠳ᠋ᠷ ᠤᠨ ᠠᠵᠢᠯ ᠤᠨ ᠠᠮᠵᠢᠯᠲᠠ ᠶᠢᠨ ᠰᠠᠶᠢᠨ ᠮᠠᠭᠤ ᠶᠢ ᠬᠡᠮᠵᠢᠬᠦ ᠳᠤ ᠵᠠᠩᠭᠢᠯᠠᠭ᠎ᠠ ᠨᠢ ᠠᠷᠠᠳ ᠤᠯᠠᠨ ᠤ | ᠮᠠᠭᠲᠠᠭᠠᠯ ᠰᠠᠶᠢᠰᠢᠶᠠᠯ ᠰᠠᠶᠢᠨ ᠡᠰᠡᠬᠦ ᠶᠢ ᠦᠵᠡᠨ᠎ᠡ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠭᠦ᠋ ᠸᠧᠨ ᠴᠠᠩ | ᠨᠥᠬᠦᠷ ᠠᠴᠠ ᠲᠠᠭᠠᠨ ᠰᠤᠷᠤᠯᠴᠠᠵᠤ᠂ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠤᠢ ᠪᠤᠯᠭᠠᠵᠤ᠂ ᠳᠠᠷᠤᠭ᠎ᠠ | ᠲᠤᠰᠢᠶᠠᠯᠲᠠᠨ ᠪᠣᠯᠪᠠᠰᠤ ᠭᠠᠵᠠᠷ ᠣᠷᠣᠨ ᠤ ᠠᠷᠠᠳ ᠲᠠᠭᠠᠨ ᠪᠤᠶᠠᠨ ᠦᠢᠯᠡᠳᠴᠦ᠂ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠥᠷᠯᠥᠭ ᠬᠥᠰᠢᠶ᠎ᠡ ᠶᠢ ᠠᠷᠠᠳ ᠤᠯᠠᠨ ᠤ ᠰᠡᠳᠬᠢᠯ ᠳᠤ | ᠱᠤᠭᠤᠬᠤ ᠬᠡᠷᠡᠭᠲᠡᠢ᠃ ᠭᠦ᠋ ᠸᠧᠨ ᠴᠠᠩ ᠨᠥᠬᠦᠷ ᠠᠴᠠ ᠰᠤᠷᠤᠯᠴᠠᠬᠤ ᠳᠤ᠂ ᠲᠡᠭᠦᠨ ᠤ ᠮᠣᠷᠠᠯ ᠡᠷᠳᠡᠮ ᠬᠤᠣᠰᠯᠠᠭᠰᠠᠨ | ᠡᠷᠬᠢᠮ ᠳᠡᠭᠡᠳᠦ ᠵᠠᠩ ᠰᠤᠷᠲᠠᠯ ᠢ ᠨᠢ ᠪᠢᠰᠢᠷᠡᠨ ᠰᠤᠷᠤᠯᠴᠠᠬᠤ ᠪᠠᠷ ᠪᠠᠷᠠᠬᠤ ᠦᠭᠡᠢ᠂ ᠲᠡᠭᠦᠨ ᠰᠢᠭ ᠬᠥᠮᠥᠨ ᠪᠣᠯᠵᠤ ᠵᠠᠰᠠᠭ | ᠪᠠᠷᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠭᠤᠸᠠᠨ ᠳ᠋ᠢ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠰᠢ ᠶᠢᠨ ᠫᠢᠩ ᠲᠤᠬᠠᠢ ᠶᠢᠨ ᠭᠠᠵᠠᠷ ᠤᠨ | ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠬᠤᠶᠠᠷ ᠬᠥᠪᠡᠭᠡᠨ ᠤ ᠰᠣᠶᠣᠯ ᠤᠨ ᠰᠣᠯᠢᠯᠴᠠᠭ᠎ᠠ ᠶᠢ | ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠰᠣᠶᠣᠯ ᠤᠨ ᠥᠪ ᠪᠣᠯ ᠡᠪᠦᠭᠡ | ᠳᠡᠭᠡᠳᠦᠰ ᠤᠨ ᠦᠯᠡᠳᠡᠭᠡᠭᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | 16 ᠤ ᠦᠳᠡ ᠶᠢᠨ ᠡᠮᠦᠨ᠎ᠡ᠂ ᠰᠢ ᠶᠢᠨ ᠫᠢᠩ ᠰᠢᠶᠠᠮᠧᠨ ᠳᠤ ᠳᠤᠮᠳᠠᠳᠤ ᠤᠯᠤᠰ ︵ᠹᠦᠵᠢᠶᠠᠨ︶ ᠤᠨ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠢ ᠰᠢᠨᠵᠢᠯᠡᠨ ᠪᠠᠶᠢᠴᠠᠭᠠᠪᠠ᠃ ᠲᠡᠷᠡ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ | ᠲᠣᠭᠤᠷᠢᠨ ᠦᠵᠡᠵᠦ᠂ ᠲᠤᠬᠠᠢ ᠶᠢᠨ ᠭᠠᠵᠠᠷ ᠤᠨ ᠥᠭᠡᠷᠡᠴᠢᠯᠡᠯᠲᠡ ᠨᠡᠭᠡᠭᠡᠯᠲᠡ ᠶᠢ ᠥᠷᠭᠡᠳᠬᠡᠬᠦ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠰᠢᠨ᠎ᠡ ᠵᠠᠮ ᠢ ᠬᠠᠶᠢᠨ ᠰᠦᠪᠡᠭᠴᠢᠯᠡᠬᠦ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠳ ᠲᠠᠢ | ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠰᠢᠶᠠᠮᠧᠨ ᠣᠨᠴᠠᠭᠠᠢ ᠣᠷᠣᠨ 40 ᠭᠠᠷᠤᠢ ᠵᠢᠯ ᠤᠨ ᠬᠥᠭᠵᠢᠯᠲᠡ ᠪᠠᠷ | ᠳᠠᠮᠵᠢᠨ ᠲᠤᠬᠠᠢ ᠶᠢᠨ ᠵᠢᠯ ᠳᠤ ᠲᠥᠰᠥᠭᠡᠯᠡᠬᠦᠶ᠎ᠡ ᠪᠡᠷᠬᠡ ᠯᠤᠲᠤ ᠶᠡᠭᠡ ᠬᠤᠪᠢᠷᠠᠯᠲᠠ ᠭᠠᠷᠴᠠᠢ᠃ ᠥᠨᠥᠳᠥᠷ ᠥᠭᠡᠷᠡᠴᠢᠯᠡᠯᠲᠡ | ᠨᠡᠭᠡᠭᠡᠯᠲᠡ ᠶᠢ ᠠᠳᠬᠤᠬᠤ ᠶᠢᠨ ᠭᠦᠨᠴᠡ ᠪᠠ ᠥᠷᠭᠡᠴᠡ ᠶᠢᠨ ᠲᠠᠯ᠎ᠠ ᠪᠠᠷ ᠴᠥᠮ ᠥᠩᠭᠡᠷᠡᠭᠰᠡᠨ ᠤ ᠱᠠᠭᠠᠷᠳᠠᠯᠭ᠎ᠠ ᠠᠴᠠ ᠨᠡᠩ | ᠥᠨᠳᠥᠷ ᠪᠣᠯᠪᠠ᠃ ᠹᠦᠵᠢᠶᠠᠨ ᠪᠣᠯᠣᠨ ᠰᠢᠶᠠᠮᠧᠨ ᠤ ᠬᠢᠨ ᠪᠠᠶᠢᠳᠠᠯ ᠤᠨ ᠬᠥᠭᠵᠢᠯᠲᠡ ᠳᠤ ᠵᠣᠬᠢᠴᠠᠵᠤ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠣᠯᠠᠨ ᠤᠯᠤᠰ ᠤᠨ ᠥᠨᠳᠥᠷ ᠪᠠᠷᠢᠮᠵᠢᠶ᠎ᠠ ᠪᠠᠷ ᠭᠦᠨ | ᠬᠠᠭᠠᠯᠪᠤᠷᠢᠯᠠᠵᠤ ᠨᠠᠷᠢᠯᠢᠭ ᠠᠷᠠᠴᠢᠯᠠᠬᠤ ᠶᠢ ᠵᠣᠯᠭᠠᠭᠤᠯᠵᠤ᠂ ᠳᠦᠷᠢᠮ ᠤᠨ ᠴᠢᠨᠠᠷᠲᠠᠢ᠂ ᠲᠥᠷᠥ ᠶᠢᠨ ᠪᠣᠳᠣᠯᠭ᠎ᠠ ᠶᠢᠨ | ᠴᠢᠨᠠᠷᠲᠠᠢ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠬᠦ ᠳᠤ ᠳᠠᠭᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 16 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠶᠠᠮᠧᠨ ᠳᠤ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠪᠣᠯᠣᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠹᠦᠵᠢᠶᠠᠨ ᠤ ᠡᠯ᠎ᠡ ᠵᠦᠢᠯ ᠤᠨ | ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ | ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ᠃ ᠪᠦᠭᠦ ᠲᠠᠯ᠎ᠠ ᠪᠠᠷ | ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠬᠤᠯᠠ ᠶᠡᠭᠡ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ | ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠦᠷᠦ ᠶᠢᠨ | ᠪᠣᠳᠣᠯᠭ᠎ᠠ ᠪᠠ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠪᠦᠷᠢᠨ ᠲᠡᠭᠦᠯᠳᠡᠷ ᠰᠢᠨ᠎ᠡ ᠶᠢ ᠡᠭᠦᠳᠬᠦ ᠣᠷᠴᠢᠨ ᠨᠥᠬᠦᠴᠡᠯ᠂ | ᠨᠡᠩ ᠲᠠᠲᠠᠬᠤ ᠬᠦᠴᠦᠨ ᠲᠠᠢ ᠴᠢᠳᠠᠪᠤᠷᠢᠲᠠᠨ ᠤ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠪᠣᠳᠠᠲᠤ ᠴᠣᠭᠴᠠ ᠶᠢᠨ | ᠠᠵᠤ ᠠᠬᠤᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠵᠦ᠂ ᠭᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ | ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠥᠷᠭᠡᠳᠬᠡᠬᠦ ᠲᠠᠯ᠎ᠠ ᠪᠠᠷ ᠡᠷᠡᠯᠬᠡᠭᠯᠡᠨ ᠲᠡᠮᠡᠴᠡᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠣᠪᠤᠶᠢᠯᠭᠠᠨ᠂ ᠦᠷᠭᠦᠯᠵᠢᠯᠡᠨ ᠵᠣᠷᠢᠭᠲᠠᠢ ᠪᠠᠷ ᠲᠤᠷᠰᠢᠵᠤ᠂ | ᠵᠣᠷᠢᠭᠲᠠᠢ ᠪᠠᠷ ᠰᠢᠪᠲᠤᠯᠤᠯᠲᠠ ᠬᠢᠵᠦ᠂ ᠪᠡᠶ᠎ᠡ ᠪᠠᠨ ᠳᠠᠭᠠᠭᠠᠵᠤ ᠥᠭᠡᠷᠡᠴᠢᠯᠡᠯᠲᠡ ᠬᠢᠬᠦ ᠬᠡᠷᠡᠭᠲᠡᠢ᠃ ︽ᠬᠤᠶᠠᠷ ᠤᠬᠳᠤ | ᠭᠤᠶᠢᠪᠢᠰᠢ ᠦᠭᠡᠢ︾ ᠶᠢ ᠪᠠᠷᠢᠮᠲᠠᠯᠠᠵᠤ᠂ ︽ᠵᠢᠨᠵᠢᠶᠠᠩ ᠤᠨ ᠲᠤᠷᠰᠢᠯᠭ᠎ᠠ︾ ᠶᠢ ᠰᠢᠨ᠎ᠡ ᠶᠢ ᠡᠭᠦᠳᠦᠨ ᠬᠥᠭᠵᠢᠭᠦᠯᠵᠦ᠂ | ᠪᠦᠭᠦ ᠨᠡᠶᠢᠭᠡᠮ ᠤᠨ ᠪᠡᠯᠡ ᠣᠷᠣᠭᠤᠯᠵᠤ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ | ᠠᠷᠠᠳ ᠤᠯᠠᠨ ᠤ ᠪᠤᠳᠤᠵᠤ ᠰᠠᠨᠠᠭᠰᠠᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ | ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢ ᠤᠷᠢᠳ ᠢᠶᠠᠷ ᠰᠠᠶᠢᠲᠤᠷ ᠠᠳᠬᠤᠬᠤ ᠬᠡᠷᠡᠭᠲᠡᠢ᠃ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ 21 | ᠳ᠋ᠦ᠋ᠭᠡᠷ ᠵᠠᠭᠤᠨ ᠤ ᠲᠠᠯᠠᠢ ᠳᠡᠭᠡᠷᠡᠬᠢ ᠲᠣᠷᠭᠠᠨ ᠵᠠᠮ ᠤᠨ ᠭᠤᠣᠯ ᠣᠷᠣᠨ ᠢ ᠪᠠᠶᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠴᠢᠬᠤᠯᠠ ᠨᠡᠪᠲᠡᠷᠡᠬᠦ ᠵᠠᠮ ᠤᠨ ᠴᠢᠳᠠᠮᠵᠢ ᠶᠢ | ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢ ᠠᠭᠤᠰᠤᠯᠴᠠᠭᠤᠯᠤᠨ ᠬᠥᠭᠵᠢᠭᠦᠯᠬᠦ | ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯᠣᠨ ᠬᠤᠳᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠬᠤ ᠲᠠᠯ᠎ᠠ ᠪᠠᠷ ᠵᠢᠱᠢᠶ᠎ᠡ ᠦᠵᠡᠭᠦᠯᠭᠦ ᠬᠡᠷᠡᠭᠲᠡᠢ᠃ ᠠᠭᠤᠯᠠᠷᠬᠠᠭ ᠣᠷᠣᠨ ᠪᠠ ᠲᠠᠯᠠᠢ ᠳᠠᠭᠠᠤ ᠣᠷᠣᠨ ᠤ | ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠦᠨ ᠭᠦᠨᠵᠡᠭᠡᠶᠢᠷᠡᠭᠦᠯᠵᠦ᠂ ᠠᠭᠤᠯᠠᠷᠬᠠᠭ ᠣᠷᠣᠨ ᠪᠠ ᠲᠠᠯᠠᠢ ᠳᠠᠭᠠᠤ | ᠣᠷᠣᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠢᠳᠠᠮᠵᠢ ᠶᠢᠨ ᠬᠠᠷᠢᠯᠴᠠᠨ | ᠨᠥᠬᠦᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠨᠳᠥᠷ ᠠᠭᠤᠯᠠ ᠠᠴᠠ ᠲᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ | ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠰᠠᠪᠠ ᠭᠠᠵᠠᠷ | ᠂ ᠭᠤᠣᠯᠳᠠᠯᠭ᠎ᠠ ᠲᠠᠢ ᠲᠠᠯᠠᠢ ᠶᠢᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ | ᠲᠣᠭᠤᠷᠢᠨ ᠤ ᠪᠠᠭᠲᠠᠭᠠᠮᠵᠢ ᠶᠢ ᠥᠷᠭᠡᠳᠬᠡᠬᠦ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠬᠢᠭᠡᠳ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ | ᠴᠢᠩᠭᠠᠳᠬᠠᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠠᠯᠬᠤᠴᠠ ᠶᠢ ᠲᠦᠷᠭᠡᠳᠬᠡᠬᠦ ᠬᠡᠷᠡᠭᠲᠡᠢ᠃ ᠰᠢᠶᠠᠨ ᠤ | ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠡᠷᠲᠡ ᠴᠢᠯᠦᠭᠡᠯᠡᠭᠳᠡᠭᠰᠡᠨ ᠣᠷᠣᠨ ᠰᠣᠪᠢᠶᠠᠳ ᠣᠷᠣᠨ ᠢ | ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠠᠮ | ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠣᠨᠴᠠᠯᠢᠭᠲᠤ ᠲᠠᠷᠢᠶᠠᠯᠠᠩ ᠤᠨ | ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ᠃ ᠬᠠᠮᠲᠤ ᠶᠢᠨ ᠣᠶ ᠰᠢᠭᠤᠢ ᠶᠢᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶ ᠰᠢᠭᠤᠢ ᠶᠢᠨ ᠢᠳᠡᠭᠡᠨ ᠪᠠ ᠣᠶ ᠳᠣᠲᠣᠷᠠᠬᠢ ᠠᠵᠤ ᠠᠬᠤᠢ ᠶᠢ | ᠬᠥᠭᠵᠢᠭᠦᠯᠦᠨ᠂ ︽ᠣᠶ ᠰᠢᠭᠤᠢ ᠶᠢᠨ ᠠᠮᠤ ᠶᠢᠨ ᠰᠠᠩ᠂ ᠵᠣᠭᠤᠰᠤᠨ ᠬᠥᠮᠥᠷᠭᠡ︾ ᠶᠢ ᠲᠠᠰᠤᠷᠠᠯᠲᠠ ᠦᠭᠡᠢ ᠠᠭᠤᠳᠠᠯᠤᠨ | ᠪᠤᠶᠢᠵᠢᠭᠤᠯᠬᠤ ᠬᠡᠷᠡᠭᠲᠡᠢ᠃ ᠹᠦᠵᠧᠦ᠂ ᠰᠢᠶᠠᠮᠧᠨ ᠤ ᠪᠦᠭᠦ ᠤᠯᠤᠰ ᠤᠨ ᠲᠠᠯᠠᠢ ᠲᠠᠩᠭᠢᠰ ᠤᠨ ᠠᠵᠤ ᠠᠬᠤᠢ ᠶᠢᠨ | ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠲᠠᠯᠠᠢ | ᠲᠠᠩᠭᠢᠰ ᠤᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠠᠶᠢᠹᠧᠩ ᠰᠠᠯᠬᠢ᠂ ᠭᠠᠵᠠᠷ | ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠹᠦᠵᠢᠶᠠᠨ ᠤ ᠰᠢᠨ᠎ᠡ ᠳᠦᠷᠢ ᠲᠥᠷᠬᠦ ᠶᠢ | ᠢᠯᠡᠷᠡᠭᠦᠯᠬᠦ ᠳᠤ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠤᠪᠢᠰᠬᠠᠯ ᠤᠨ ᠰᠣᠶᠣᠯ ᠢ | ᠤᠯᠠᠮᠵᠢᠯᠠᠨ ᠪᠠᠳᠠᠷᠠᠭᠤᠯᠵᠤ᠂ ᠴᠠᠩ ᠲᠢᠩ᠂ ᠨᠢᠩᠬᠤᠸᠠ ᠶᠢᠨ ᠤᠷᠳᠤ ᠵᠠᠮ ᠤᠨ ᠠᠶᠠᠨ ᠲᠠᠶᠢᠨ ᠤ ᠤᠯᠤᠰ ᠤᠨ ᠰᠣᠶᠣᠯ ᠤᠨ | ᠴᠡᠴᠡᠷᠯᠢᠭ ᠢ ᠰᠠᠶᠢᠲᠤᠷ ᠪᠠᠶᠢᠭᠤᠯᠵᠤ᠂ ᠬᠤᠪᠢᠰᠬᠠᠯ ᠤᠨ ᠲᠡᠦᠬᠡᠨ ᠮᠠᠲ᠋ᠧᠷᠢᠶᠠᠯ ᠪᠣᠯᠣᠨ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠰᠤᠳᠤᠯᠭᠠᠨ ᠤ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠣᠶᠣᠯ ᠤᠨ ᠥᠪ ᠢ | ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠰᠣᠶᠣᠯ ᠢᠶᠠᠷ ᠬᠥᠮᠥᠨ ᠢ ᠤᠬᠠᠭᠠᠷᠠᠭᠤᠯᠬᠤ ᠠᠵᠢᠯ ᠢ ᠴᠥᠬᠦᠷᠡᠰᠢ ᠦᠭᠡᠢ | ᠰᠠᠶᠢᠲᠤᠷ ᠬᠢᠵᠦ᠂ ᠵᠠᠩᠰᠢᠯ ᠢ ᠬᠠᠯᠠᠵᠤ ᠳᠠᠳᠬᠠᠯ ᠢᠶᠠᠨ ᠥᠭᠡᠷᠡᠴᠢᠯᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠰᠣᠶᠣᠯ | ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ | ᠲᠤᠯᠭᠠᠭᠤᠷᠢ ᠠᠵᠤ ᠦᠢᠯᠡᠰ ᠪᠣᠯᠭᠠᠨ ᠪᠤᠶᠢᠵᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ | ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠤᠨ ᠳᠡᠯᠭᠡᠷᠡᠭᠦᠯᠵᠦ᠂ | ᠲᠠᠶᠢᠸᠠᠨ ᠤ ᠠᠬ᠎ᠠ ᠳᠡᠭᠦᠦ ᠨᠠᠷ ᠤᠨ ᠦᠨᠳᠦᠰᠦᠲᠡᠨ ᠤ ᠬᠠᠮᠲᠤ ᠶᠢᠨ ᠲᠠᠨᠢᠯᠲᠠ᠂ ᠰᠣᠶᠣᠯ ᠤᠨ ᠬᠠᠮᠲᠤ ᠶᠢᠨ ᠲᠠᠨᠢᠯᠲᠠ᠂ | ᠤᠯᠤᠰ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠲᠥᠷᠥᠯ ᠰᠠᠳᠤᠨ ᠨᠤᠲᠤᠭ ᠤᠨ ᠠᠬ᠎ᠠ ᠳᠡᠭᠦᠦ ᠨᠠᠷ᠂ | ᠳᠡᠭᠡᠳᠦᠰ ᠤᠨ ᠭᠠᠵᠠᠷ ᠤᠨ ᠰᠣᠶᠣᠯ ᠵᠡᠷᠭᠡ ᠬᠤᠯᠪᠣᠭᠠᠰᠤ ᠳᠤ ᠲᠦᠰᠢᠭᠯᠡᠨ ᠬᠠᠷᠢᠶᠠᠲᠤ ᠨᠠᠷ ᠤᠨ ᠰᠡᠳᠬᠢᠯ ᠢ ᠥᠷᠭᠡᠨ ᠢᠶᠠᠷ | ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠭᠡᠰᠢᠭᠦᠨ ᠺᠠᠳ᠋ᠷᠴᠤᠳ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠵᠤ᠂ ᠬᠤᠪᠢᠰᠬᠠᠯᠲᠤ | ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠶᠢ ᠬᠥᠮᠥᠵᠢᠭᠦᠯᠵᠦ᠂ ᠵᠣᠷᠢᠭᠲᠠᠢ ᠪᠠᠷ ᠲᠦᠷᠦᠭᠦᠯᠡᠨ ᠬᠢᠵᠦ᠂ ᠰᠠᠶᠢᠲᠤᠷ | ᠲᠡᠮᠡᠴᠡᠵᠦ ᠢᠯᠠᠯᠲᠠ ᠣᠯᠬᠤ ᠵᠠᠮ ᠨᠡᠭᠡᠭᠡᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ | ᠵᠣᠷᠢᠭᠲᠠᠢ ᠪᠠᠷ ᠤᠷᠤᠭᠰᠢᠯᠠᠨ ᠲᠠᠪᠰᠢᠵᠤ᠂ ᠴᠢᠳᠠᠮᠠᠭᠠᠢ ᠠᠵᠢᠯᠯᠠᠨ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠠᠷᠠᠳ | ᠲᠦᠮᠡᠨ ᠳᠤ ᠪᠤᠶᠠᠨ ᠦᠢᠯᠡᠳᠬᠦ ᠠᠵᠢᠯ ᠤᠨ ᠠᠮᠵᠢᠯᠲᠠ ᠶᠢᠨ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠵᠦ᠂ ᠤᠭ | ᠰᠠᠨᠠᠭ᠎ᠠ ᠪᠠᠨ ᠥᠯᠥ ᠮᠠᠷᠲᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠢᠬᠡᠴᠢ ᠪᠠᠷ | ᠨᠡᠶᠢᠲᠡ ᠶᠢᠨ ᠲᠥᠯᠥᠭᠡ ᠵᠢᠳᠬᠦᠵᠦ᠂ ᠡᠪ ᠬᠠᠮᠲᠤᠴᠤᠳ ᠤᠨ ᠤᠯᠤᠰ ᠲᠥᠷᠥ ᠶᠢᠨ ᠮᠥᠨ ᠴᠢᠨᠠᠷ ᠢ ᠡᠭᠦᠷᠢᠳᠡ ᠬᠠᠳᠠᠭᠠᠯᠠᠬᠤ | ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ | ᠦᠨᠡᠨ ᠬᠦ ᠬᠥᠩᠭᠡᠷᠡᠭᠦᠯᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ | ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠭᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |