| | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠰᠢᠷᠢᠰ ᠠᠷᠭ᠎ᠠ ᠬᠡᠮᠵᠢᠶ᠎ᠡ | ᠠᠪᠴᠤ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠳᠤ ᠬᠦᠴᠦᠨ ᠨᠡᠮᠡᠷᠢᠯᠡᠪᠡ᠃ | | | | | ᠡᠷᠢᠶᠡᠨ ᠪᠣᠭᠤᠮᠲᠠ ᠶᠢᠨ ᠬᠢᠨ ᠡᠩ ᠲᠡᠷᠢᠭᠦᠨ ᠳᠤ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ | ᠲᠡᠷᠭᠡ ᠬᠥᠰᠬᠡ ᠶᠢ ᠪᠣᠭᠤᠮᠲᠠ ᠰᠢᠪᠲᠤᠯᠤᠭᠰᠠᠨ ᠤ ᠳᠠᠷᠠᠭ᠎ᠠ᠂ ᠡᠳᠦᠷ ᠪᠦᠷᠢ ᠳᠤᠮᠳᠠᠴᠢ ᠪᠠᠷ 8 ᠰᠠᠭᠤᠷᠢ ᠠᠴᠠ | ᠳᠣᠷᠣᠭᠰᠢᠬᠢ 8 ᠵᠢᠵᠢᠭ ᠬᠡᠯᠪᠡᠷᠢ ᠶᠢᠨ ᠲᠡᠷᠭᠡᠨ ᠳᠤ ᠰᠠᠭᠤᠵᠤ ᠳᠤᠮᠳᠠᠳᠤ ᠮᠣᠩᠭᠤᠯ ᠬᠤᠶᠠᠷ ᠤᠯᠤᠰ ᠤᠨ | ᠬᠤᠭᠤᠷᠣᠨᠳᠣ ᠨᠠᠰᠢ ᠴᠠᠰᠢ ᠶᠠᠪᠤᠵᠤ᠂ ᠪᠣᠭᠤᠮᠲᠠ ᠶᠢᠨ ᠵᠡᠭᠡᠯᠢ ᠭᠤᠳᠤᠮᠵᠢ ᠳᠤ ᠬᠦᠮᠦᠨ ᠬᠠᠷ᠎ᠠ ᠳᠡᠷᠭᠡ ᠣᠨᠤᠭ᠎ᠠ | ᠨᠠᠭᠠᠰᠢ ᠴᠠᠭᠠᠰᠢ ᠰᠦᠯᠵᠢᠳᠣᠨ ᠳᠠᠪᠬᠢᠵᠦ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠵᠦ᠂ ᠮᠠᠨ ᠤ ᠬᠤᠲᠠ ᠶᠢᠨ | ᠬᠤᠨᠣᠵᠤ ᠬᠡᠪᠲᠡᠬᠦ᠂ ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠠᠵᠢᠯ | ᠲᠥᠷᠥᠯ ᠤᠨ ᠦᠳᠲᠡᠷ ᠲᠦᠷᠭᠡᠨ ᠬᠥᠭᠵᠢᠬᠦ ᠶᠢ ᠳᠠᠶᠢᠴᠢᠯᠠᠪᠠ᠃ 10 ᠰᠠᠷ᠎ᠠ ᠶᠢᠨ 20 ᠤ ᠡᠳᠦᠷ ᠪᠣᠯᠲᠠᠯ᠎ᠠ᠂ | ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭᠠᠨ ᠤ ᠪᠠᠭᠠᠵᠢ 52.2 ᠲᠦᠮᠡᠨ ᠲᠡᠷᠭᠡ ︵ | ᠴᠤᠪᠤᠭ᠎ᠠ︶ ᠬᠦᠷᠴᠦ᠂ ᠠᠳᠠᠯᠢ ᠬᠤᠭᠤᠴᠠᠭᠠᠨ ᠤ ᠬᠢ ᠠᠴᠠ 185% ᠪᠠᠷ ᠨᠡᠮᠡᠭᠳᠡᠪᠡ︔ ᠬᠢᠯᠢ ᠪᠠᠷ ᠣᠷᠣᠵᠤ | ᠭᠠᠷᠬᠤ ᠬᠥᠮᠦᠰ 205.1 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89. | 6% ᠪᠠᠷ ᠨᠡᠮᠡᠭᠳᠡᠪᠡ᠃ | | | | | ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠳᠤ᠂ ᠡᠨᠡ ᠵᠢᠯ ᠤᠨ 4 | ᠳ᠋ᠦ᠋ᠭᠡᠷ ᠰᠠᠷ᠎ᠠ ᠶᠢᠨ 1 ᠤ ᠡᠳᠦᠷ ᠠᠴᠠ 9 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ 6 ᠰᠠᠷ᠎ᠠ ᠶᠢᠨ 24 | ᠴᠠᠭ ᠢᠶᠠᠷ ᠪᠣᠭᠤᠮᠲᠠ ᠪᠠᠷ ᠥᠩᠭᠡᠷᠡᠬᠦ ᠶᠢ ᠭᠡᠷᠡᠭᠵᠢᠬᠦᠯᠦᠯᠪᠠ᠃ ᠲᠤᠷᠰᠢᠨ ᠠᠵᠢᠯᠯᠠᠭᠤᠯᠬᠤ ᠬᠤᠭᠤᠴᠠᠭᠠᠨ ᠳᠤ᠂ | ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢ 236.1 ᠲᠦᠮᠡᠨ ᠲᠣᠨ ᠪᠡᠶᠡᠯᠡᠭᠦᠯᠪᠡ᠃ ᠡᠨᠡ ᠵᠢᠯ ᠤᠨ ᠲᠦᠷᠦᠭᠦᠤ ᠭᠤᠷᠪᠠᠨ | ᠤᠯᠠᠷᠢᠯ ᠳᠤ᠂ ᠵᠠᠰᠠᠮᠠᠯ ᠵᠠᠮ ᠤᠨ ᠪᠣᠭᠤᠮᠲᠠ ᠳᠤ ᠨᠡᠶᠢᠲᠡ 302 ᠲᠦᠮᠡᠨ ᠲᠣᠨ ᠪᠠᠷᠠᠭ᠎ᠠ ᠲᠡᠭᠡᠭᠡᠪᠦᠷᠢᠯᠡᠬᠦ | ᠬᠡᠮᠵᠢᠶ᠎ᠡ ᠶᠢ ᠪᠡᠶᠡᠯᠡᠭᠦᠯᠪᠡ᠃ | ᠡᠭᠦᠨ ᠤ ᠬᠠᠮᠲᠤ᠂ ᠡᠷᠢᠶᠡᠨ ᠪᠣᠭᠤᠮᠲᠠ ᠨᠢ ᠪᠠᠰᠠ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠡᠳ᠋ ᠪᠠᠷᠠᠭ᠎ᠠ ᠶᠢᠨ ᠳᠠᠭᠠᠯᠳᠤᠭᠤᠯᠤᠯ ᠬᠠᠭᠤᠳᠠᠰᠤ ᠪᠠᠷᠢᠮᠲᠠ ᠶᠢ ᠤᠯᠠᠮ ᠨᠢᠭᠡ ᠠᠯᠬᠤᠮ ᠴᠣᠮᠬᠠᠳᠬᠠᠵᠤ᠂ | ᠪᠠᠶᠢᠴᠠᠭᠠᠨ ᠰᠢᠯᠭᠠᠬᠤ ᠶᠠᠪᠤᠴᠠ ᠪᠠ ᠠᠵᠢᠯᠲᠠᠨ ᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ | ᠂ ᠭᠠᠳᠠᠭᠠᠳᠤ ᠠᠴᠠ ᠣᠷᠣᠭᠤᠯᠬᠤ ᠪᠠ ᠪᠣᠭᠤᠮᠲᠠ ᠰᠣᠯᠢᠬᠤ ᠠᠦ᠋ᠲ᠋ᠣ᠋ ᠬᠢᠨᠠᠨ ᠬᠠᠷᠭᠤᠭᠤᠯᠬᠤ᠂ ᠭᠠᠳᠠᠭᠠᠳᠤ ᠳᠤ | ᠭᠠᠷᠭᠠᠬᠤ ᠪᠠ ᠪᠣᠭᠤᠮᠲᠠ ᠪᠠᠷ ᠰᠢᠯᠵᠢᠭᠦᠯᠬᠦ ᠠᠦ᠋ᠲ᠋ᠣ᠋ ᠬᠢᠨᠠᠨ ᠬᠠᠷᠭᠤᠭᠤᠯᠤᠯᠲᠠ ᠶᠢᠨ ᠴᠢᠳᠠᠮᠵᠢ ᠶᠢ ᠡᠬᠢᠯᠡᠭᠦᠯᠵᠦ᠂ | ᠵᠠᠰᠠᠮᠠᠯ ᠵᠠᠮ ᠤᠨ ᠪᠣᠭᠤᠮᠲᠠ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ | ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠦᠨ᠎ᠡ︔ ᠠᠶᠠᠨᠴᠢᠳ ᠤᠨ ᠴᠤᠪᠤᠷᠠᠯ ᠤᠨ ᠬᠡᠮᠵᠢᠶ᠎ᠡ ᠶᠢ ᠲᠡᠷᠡ | ᠳᠠᠷᠤᠶ ᠳᠤᠨᠢ ᠮᠡᠳᠡᠭᠳᠡᠬᠦ ᠵᠢᠴᠢ ᠬᠢᠯᠢ ᠪᠠᠷ ᠣᠷᠣᠵᠤ ᠭᠠᠷᠬᠤ ᠠᠶᠠᠨᠴᠢᠳ ᠤᠨ ︽ᠲᠥᠷᠥᠯ ᠬᠤᠪᠢᠶᠠᠨ ᠰᠠᠯᠭᠠᠬᠤ︾ | ᠪᠣᠭᠤᠮᠲᠠ ᠪᠠᠷ ᠥᠩᠭᠡᠷᠡᠬᠦ ᠲᠦᠷᠢᠮ ᠢ ᠪᠠᠶᠢᠭᠤᠯᠵᠤ᠂ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠵᠦᠶ | ᠵᠣᠬᠢᠰᠲᠠᠶ ᠳᠣᠭᠢᠷᠠᠭᠤᠯᠤᠨ᠂ ᠠᠶᠠᠨᠴᠢᠳ ᠢ ᠥᠨᠳᠥᠷ ᠪᠦᠲᠦᠮᠵᠢᠲᠡᠶ ᠪᠠᠷ ᠨᠡᠪᠲᠡᠷᠡᠭᠦᠯᠬᠦ ᠶᠢ ᠪᠠᠲᠤᠯᠠᠨ᠎ᠠ︔ ᠲᠡᠮᠦᠷ | ᠵᠠᠮ ᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ︽ᠨᠢᠭᠡ | ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠪᠠᠷ ᠠᠵᠤ ᠠᠬᠤᠶᠢᠯᠠᠯ ᠳᠤ ᠪᠥᠬᠦ ᠶᠠᠪᠤᠴᠠ ᠶᠢᠨ ᠪᠠᠷᠠᠭᠠᠨ ᠤ | ᠭᠦᠢᠯᠭᠡᠭᠡᠨ ᠤ ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠪᠣᠭᠤᠮᠲᠠ ᠪᠠᠷ ᠥᠩᠭᠡᠷᠡᠬᠦ ᠴᠠᠭ ᠢ ᠪᠦᠬᠦᠯᠢ | ᠴᠣᠭᠴᠠ ᠪᠠᠷ ᠨᠢ ᠪᠠᠭᠠᠰᠬᠠᠨ᠂ ᠲᠦᠷᠭᠡᠨ ᠣᠷᠣᠭᠤᠯᠵᠤ ᠲᠦᠷᠭᠡᠨ ᠭᠠᠷᠭᠠᠬᠤ ᠳᠤ ᠬᠦᠴᠦᠨ ᠨᠡᠮᠡᠷᠢᠯᠡᠨ᠎ᠡ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠬᠤ | ᠰᠠᠯᠠᠭᠠᠨ ᠤ ᠳᠠᠷᠤᠭ᠎ᠠ ᠨᠠᠷᠠᠩᠭᠤᠸ᠎ᠠ ᠬᠡᠯᠡᠬᠦ ᠳᠡᠭᠡᠨ᠄ ︽ᠳᠡᠭᠡᠳᠦ ᠱᠠᠲᠤ ᠵᠢᠴᠢ ᠮᠣᠩᠭᠤᠯ ᠤᠨ ᠲᠠᠯ᠎ᠠ ᠶᠢᠨ | ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠨᠠᠩ | ᠣᠯᠠᠨ ᠠᠷᠭ᠎ᠠ ᠬᠡᠮᠵᠢᠶ᠎ᠡ ᠶᠢ ᠡᠷᠢᠶᠡᠨ ᠬᠤᠲᠠ ᠳᠤ ᠨᠠᠶᠢᠳᠠᠪᠤᠷᠢᠵᠢᠭᠤᠯᠵᠤ᠂ ᠪᠠᠶᠢᠩᠭᠤᠵᠢᠭᠤᠯᠤᠨ ᠠᠵᠢᠯᠯᠠᠭᠤᠯᠬᠤ ᠪᠠᠷ | ᠴᠢᠷᠮᠠᠶᠢᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠬᠢ ᠠᠶᠠᠨᠴᠢᠳ ᠪᠠ ᠪᠠᠷᠠᠭᠠᠨ ᠤ ᠲᠡᠭᠡᠭᠡᠪᠦᠷᠢ | ᠨᠠᠩ ᠥᠷᠨᠢᠭᠦᠨ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠵᠡᠶ᠃ |