ᠮᠠᠨ ᠤ ᠬᠤᠲᠠ ᠳᠤ ᠨᠣᠮ ᠤᠨ ᠰᠠᠩ ᠰᠢᠨ᠎ᠡ ᠪᠠᠷ ᠨᠡᠭᠡᠭᠳᠡᠵᠦ᠂ ᠬᠤᠲᠠ ᠶᠢᠨ ᠠᠷᠠᠳ ᠲᠤ ᠨᠣᠮ ᠣᠩᠰᠢᠵᠦ᠂ ᠰᠣᠯᠠ ᠰᠡᠯᠡᠬᠦᠣ ᠴᠠᠭ ᠢᠶᠠᠨ ᠦᠩᠬᠡᠷᠡᠬᠦᠯᠬᠦ ᠭᠠᠵᠠᠷ ᠲᠠᠢ ᠪᠣᠯᠪᠠ
ᠨᠡᠶᠢᠲᠡᠯᠡᠭᠰᠡᠨ ᠴᠠᠭ᠄
2024/10/23
    ᠤᠩᠰᠢᠭᠴᠢᠳ ᠲᠤ ᠨᠠᠩ ᠰᠠᠶᠢᠨ ᠦᠢᠯᠡᠴᠢᠯᠡᠬᠦ ᠶᠢᠨ ᠳᠣᠯᠠᠳᠠ᠂ ᠨᠢᠳᠤᠨᠤᠨ ᠤ 10 ᠰᠠᠷ᠎ᠠ ᠳᠤ᠂ ᠬᠤᠲᠠ ᠶᠢᠨ ᠨᠣᠮ ᠤᠨ ᠰᠠᠩ ᠳᠠᠬᠢᠨ ᠵᠠᠰᠠᠨ ᠥᠭᠡᠷᠡᠴᠢᠯᠡᠪᠡ᠃ ᠣᠳᠣᠬᠠᠨ ᠳᠤ᠂ ᠠᠳᠡᠬᠢ ᠨᠢ ᠨᠢᠭᠡᠨᠲᠡ ᠬᠤᠲᠠ ᠶᠢᠨ ᠠᠷᠠᠳ ᠤᠨ ᠰᠡᠯᠡᠭᠦᠴᠡᠯ ᠤᠨ ᠭᠠᠵᠠᠷ ᠪᠣᠯᠤᠭᠰᠠᠨ ᠪᠠᠶᠢᠨ᠎ᠠ᠃
      ᠣᠶᠢᠷ᠎ᠠ ᠶᠢᠨ ᠡᠳᠦᠷ᠂ ᠰᠤᠷᠪᠤᠯᠵᠢᠯᠠᠭᠴᠢ ᠵᠧᠨ ᠬᠤᠸᠠ ᠵᠡᠭᠡᠯᠢ ᠶᠢᠨ ᠬᠤᠶᠢᠳᠦ ᠬᠡᠰᠡᠭ᠂ ᠹᠠᠩ ᠵᠧᠩ ᠵᠠᠮ ᠤᠨ ᠵᠡᠭᠦᠨ ᠬᠡᠰᠡᠭ ᠲᠤ ᠪᠠᠶᠢᠭ᠎ᠠ ᠬᠤᠲᠠ ᠶᠢᠨ ᠨᠣᠮ ᠤᠨ ᠰᠠᠩ ᠳᠤ᠂ ᠣᠩᠰᠢᠭᠴᠢᠳ ᠲᠠᠰᠤᠷᠠᠯᠲᠠ ᠦᠭᠡᠢ ᠴᠣᠪᠣᠵᠦ᠂  ᠥᠨᠴᠥᠭ ᠪᠤᠯᠤᠩ ᠳᠤ ᠳᠠᠶᠢᠪᠣᠩ ᠰᠠᠭᠤᠬᠤ ᠪᠤᠶᠤ ᠡᠰᠡᠬᠦᠯ᠎ᠡ ᠣᠩᠰᠢᠯᠭ᠎ᠠ ᠶᠢᠨ ᠲᠣᠭᠤᠷᠢᠭ ᠢᠶᠠᠷ ᠲᠣᠭᠤᠷᠢᠨ ᠰᠠᠭᠤᠵᠤ᠂ ᠮᠡᠳᠡᠯᠭᠡ ᠶᠢᠨ ᠳᠠᠯᠠᠢ ᠳᠣᠲᠣᠷ᠎ᠠ ᠣᠮᠪᠠᠵᠦ ᠪᠠᠢᠬᠤ ᠶᠢ ᠣᠯᠵᠤ ᠬᠠᠷᠠᠪᠠ᠃ ᠡᠳᠡᠭᠡᠷ ᠣᠩᠰᠢᠭᠴᠢᠳ ᠤᠨ ᠳᠣᠲᠣᠷ᠎ᠠ᠂  ᠰᠢᠯᠭᠠᠯᠳᠠ ᠳᠤ ᠪᠡᠯᠡᠳᠭᠡᠬᠦ᠂ ᠡᠰᠡᠬᠦᠯ᠎ᠡ ᠰᠡᠳᠭᠢᠯ ᠢᠶᠠᠨ ᠰᠡᠷᠬᠦᠭᠡᠬᠦ᠂ ᠡᠰᠡᠬᠦᠯ᠎ᠡ ᠮᠡᠳᠡᠯᠭᠡ ᠪᠠᠨ ᠪᠠᠶᠠᠯᠢᠭᠵᠢᠭᠤᠯᠵᠦ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠯ᠎ᠠ᠃      ᠬᠤᠲᠠ ᠶᠢᠨ ᠠᠷᠠᠳ ᠲᠤ ᠰᠣᠶᠣᠯ ᠤᠨ ᠨᠥᠯᠥᠭᠡ ᠬᠦᠷᠲᠡᠭᠡᠬᠦ ᠶᠢᠨ ᠬᠠᠮᠲᠤ ᠪᠠᠰᠠ ᠤᠩᠰᠢᠯᠭ᠎ᠠ ᠶᠢᠨ ᠪᠠᠶᠠᠷ ᠪᠠᠭ᠋ᠠᠳᠤᠯ ᠢ ᠡᠳ᠋ᠯᠡᠬᠦᠯᠬᠦ ᠶᠢᠨ ᠳᠣᠯᠠᠳᠠ᠂ ᠬᠤᠲᠠ ᠶᠢᠨ ᠨᠣᠮ ᠤᠨ ᠰᠠᠩ ᠪᠠᠰᠠ ︽ᠨᠡᠶᠢᠲᠡᠯᠢᠭ ᠬᠡᠯᠡ ᠶᠢ ᠳᠡᠯᠭᠡᠷᠡᠭᠦᠯᠦᠨ ᠬᠠᠮᠲᠤ ᠪᠠᠷ ᠤᠯᠤᠰ ᠢᠶᠠᠨ ᠬᠠᠶᠢᠷᠠᠯᠠᠬᠤ︾᠂ ︽ᠤᠩᠰᠢᠯᠭ᠎ᠠ ᠶᠢ ᠬᠠᠶᠢᠷᠠᠯᠠᠬᠤ · ᠰᠢᠯᠢᠳᠡᠭ ᠪᠠᠭᠠᠴᠤᠳ ᠪᠢᠴᠢᠬᠠᠨ ᠤᠩᠰᠢᠭᠴᠢᠳ︾ ᠢ ᠰᠢᠯᠭᠠᠷᠠᠭᠤᠯᠬᠤ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤ  ᠦᠷᠨᠢᠬᠦᠯᠪᠡ᠃
    ᠣᠶᠢᠯᠠᠭᠠᠭᠰᠠᠨ ᠢᠶᠠᠷ᠂ ᠨᠣᠮ ᠤᠨ ᠰᠠᠩ ᠤᠨ ᠳᠣᠲᠣᠷ᠎ᠠ 10 ᠭᠠᠷᠤᠶ ᠲᠦᠮᠡᠨ ᠳᠡᠪᠲᠡᠷ ᠨᠣᠮ ᠪᠢᠴᠢᠭ ᠢ ᠪᠠᠭᠲᠠᠭᠠᠵᠤ᠂ 22 ᠶᠡᠭᠡ ᠲᠥᠷᠥᠯ ᠤᠨ ᠨᠣᠮ ᠪᠢᠴᠢᠭ ᠢ ᠪᠠᠭᠲᠠᠭᠠᠵᠤ᠂ ᠪᠠᠰᠠ ᠡᠯᠧᠺᠲᠷᠣᠨ ᠨᠣᠮ᠂ ᠥᠪᠡᠷ ᠢᠶᠠᠨ ᠨᠣᠮ ᠵᠢᠭᠡᠯᠡᠵᠦ ᠪᠤᠴᠠᠭᠠᠬᠤ ᠮᠠᠰᠢᠨ᠂ ᠨᠣᠮ ᠪᠢᠴᠢᠭ ᠪᠠᠶᠢᠴᠠᠭᠠᠨ ᠯᠠᠪᠯᠠᠬᠤ ᠮᠠᠰᠢᠨ ᠵᠡᠷᠭᠡ ᠡᠯᠧᠺᠲᠷᠣᠨ ᠲᠥᠬᠦᠭᠡᠷᠦᠮᠵᠢ ᠶᠢ ᠰᠢᠨ᠎ᠡ ᠪᠠᠷ ᠨᠡᠮᠡᠭᠳᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠨᠣᠮ ᠪᠢᠴᠢᠭ ᠵᠢᠭᠡᠯᠡᠭᠦᠯᠬᠦ᠂ ᠮᠡᠳᠡᠭᠡ ᠵᠠᠩᠭᠢ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠭᠰᠠᠨ ᠪᠠᠶᠢᠨ᠎ᠠ᠃ ᠮᠦᠽᠧᠢ ᠳᠤ ᠨᠠᠰᠤᠨ ᠳᠤ ᠬᠦᠷᠦᠭᠰᠡᠳ᠂ ᠬᠡᠦᠬᠡᠳ᠂ ᠬᠠᠷᠰᠢ ᠰᠠᠭᠠᠳ ᠦᠭᠡᠢ ᠤᠩᠰᠢᠯᠭ᠎ᠠ ᠶᠢᠨ ᠲᠠᠰᠤᠭ ᠵᠢᠴᠢ ᠰᠡᠯᠡᠭᠦᠴᠡᠯ ᠤᠨ ᠲᠣᠭᠤᠷᠢᠭ ᠵᠡᠷᠭᠡ ᠣᠷᠣᠨ ᠲᠣᠭᠤᠷᠢᠭ ᠲᠠᠢ ᠪᠠᠶᠢᠵᠤ᠂ ᠭᠠᠷᠠᠭ ᠪᠦᠷᠢ ᠨᠡᠭᠡᠭᠡᠬᠦ ᠦᠶ᠎ᠡ ᠳᠤ 66 ᠴᠠᠭ ᠪᠠᠶᠢᠵᠤ᠂ ᠪᠦᠬᠦ ᠵᠢᠯ ᠳᠤ ᠠᠮᠠᠷᠠᠯᠲᠠ ᠦᠭᠡᠢ᠂ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ᠃      ᠬᠤᠲᠠ ᠶᠢᠨ ᠨᠣᠮ ᠤᠨ ᠰᠠᠩ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ︽ᠨᠣᠮ ᠤᠨ ᠰᠠᠩ ᠤᠯᠠᠮ ᠨᠢᠭᠡ ᠠᠯᠬᠤᠮ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠲᠤᠰᠬᠠᠶ ᠮᠡᠷᠭᠡᠵᠢᠯ ᠤᠨ ᠦᠢᠯᠡᠴᠢᠯᠡᠭᠡ ᠪᠠᠷ ᠤᠩᠰᠢᠭᠴᠢ ᠨᠢᠭᠡᠪᠦᠷᠢ ᠶᠢᠨ ᠬᠦᠷᠴᠦ ᠢᠷᠡᠭᠰᠡᠨ ᠢ ᠤᠭᠲᠤᠵᠤ᠂ ᠬᠤᠲᠠ ᠶᠢᠨ ᠠᠷᠠᠳ ᠲᠤ ᠨᠠᠩ ᠣᠯᠠᠨ ᠰᠣᠶᠣᠯ ᠤᠨ ᠦᠪᠡᠳᠡᠭᠰᠢ ᠳᠠᠶᠢᠯᠠᠯᠭ᠎ᠠ ᠪᠠ ᠤᠩᠰᠢᠯᠭ᠎ᠠ ᠶᠢᠨ ᠪᠠᠶᠠᠷ ᠪᠠᠭ᠋ᠠᠳᠤᠯ ᠢ ᠠᠪᠴᠢᠷᠠᠵᠤ ᠥᠭᠭᠦᠨ᠎ᠡ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号