ᠬᠤᠲᠠ ᠶᠢᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠠᠪᠤᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/23
        10 ᠰᠠᠷ᠎ᠠ ᠶᠢᠨ 22 ᠤᠨ ᠡᠳᠦᠷ᠂ ᠬᠤᠲᠠ ᠶᠢᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠠᠪᠤᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠳᠥᠷᠪᠡᠳᠦᠭᠡᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ ᠣᠯᠤᠭᠰᠠᠨ ᠠᠮᠵᠢᠯᠲᠠ ᠪᠦᠲᠦᠮᠵᠢ ᠪᠠ ᠲᠤᠷᠰᠢᠯᠭ᠎ᠠ ᠪᠠᠨ ᠡᠷᠭᠢᠴᠡᠭᠦᠯᠦᠨ ᠳ᠋ᠦᠩᠨᠡᠵᠦ᠂ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠰᠣᠩᠭᠤᠨ ᠭᠠᠷᠭᠠᠵᠤ᠂ ᠲᠠᠷᠠᠭᠠᠴᠢ ᠶᠢᠨ ᠱᠠᠲᠤᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ ᠲᠥᠯᠥᠪᠯᠡᠭᠡᠲᠦ ᠦᠷᠡᠵᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ      ᠶᠡᠭᠡ ᠬᠤᠷᠠᠯ ᠠᠴᠠ ᠬᠤᠲᠠ ᠶᠢᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠪᠠᠲᠤᠯᠠᠪᠠ︔ ᠬᠤᠲᠠ ᠶᠢᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ ᠪᠠ ᠨᠡᠶᠢᠭᠡᠮᠯᠢᠭ ᠤᠨ ᠳᠠᠷᠤᠭ᠎ᠠ᠂ ᠳᠡᠳ᠋ ᠳᠠᠷᠤᠭ᠎ᠠ᠂ ᠲᠤᠰᠢᠶᠠᠯ ᠬᠠᠪᠰᠤᠷᠭᠠᠭᠰᠠᠨ ᠳᠡᠳ᠋ ᠳᠠᠷᠤᠭ᠎ᠠ ᠶᠢ ᠰᠣᠩᠭᠤᠨ ᠭᠠᠷᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠳᠥᠷᠪᠡᠳᠦᠭᠡᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠠᠴᠠ ᠨᠠᠰᠢ᠂ ᠬᠤᠲᠠ ᠶᠢᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠶᠡᠷᠦᠩᠬᠡᠶ ᠱᠦᠵᠢ ᠰᠢ ᠶᠢᠨ ᠫᠢᠩ ᠤᠨ ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠪᠠ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠦᠨᠳᠦᠰᠦᠨ ᠱᠠᠲᠤᠨ ᠳᠤ ᠭᠦᠨᠵᠡᠭᠡᠶᠢᠷᠡᠨ ᠬᠠᠶᠢᠷ᠎ᠠ ᠬᠠᠯᠠᠮᠵᠢ ᠬᠦᠷᠭᠡᠬᠦ︾᠂ ︽ᠲᠥᠯᠥᠪᠯᠡᠭᠡᠲᠦ ᠦᠷᠡᠵᠢᠯ ᠤᠨ ᠲᠠᠯ᠎ᠠ ᠪᠠᠷ ᠬᠦᠴᠢᠷᠳᠡᠯᠲᠡᠶ ᠬᠡᠷ ᠪᠦᠯᠢ ᠶᠢ ᠳᠤᠯᠠᠭᠠᠴᠠᠭᠤᠯᠬᠤ︾᠂ ︽ᠰᠠᠶᠢᠨ ᠬᠡᠷ ᠤᠨ ᠰᠤᠷᠲᠠᠯ · ᠡᠷᠡᠭᠦᠯ ᠮᠡᠨᠳᠦ ᠶᠢᠨ ᠠᠶᠠᠯᠠᠯ︾ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠩᠭᠡᠵᠢᠬᠦ ᠨᠠᠰᠤᠨ ᠤ ᠣᠯᠠᠨ ᠲᠦᠮᠡᠨ ᠳᠤ ᠳᠣᠲᠣᠨᠣ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨᠴᠢ ᠦᠷᠡᠵᠢᠯ ᠤᠨ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ᠂ ᠬᠡᠷ ᠪᠦᠯᠢ ᠶᠢᠨ ᠡᠶ᠎ᠡ ᠵᠣᠬᠢᠴᠠᠯ ᠲᠠᠢ ᠵᠣᠯ ᠵᠢᠷᠭᠠᠯ ᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠴᠡᠶ᠃      ᠬᠤᠷᠠᠯ ᠠᠴᠠ᠂ ᠦᠷᠬᠡᠨ ᠣᠯᠠᠨ ᠬᠡᠰᠢᠬᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠣᠣᠱᠯᠠᠭᠤᠯᠵᠣ᠂ ᠨᠠᠮ ᠤᠨ ᠨᠢᠬᠡᠳᠦᠯᠳᠡᠢ ᠣᠳᠣᠷᠢᠳᠣᠯᠭ᠎ᠠ ᠶᠢ ᠢᠮᠠᠭᠳᠠ ᠪᠠᠷᠢᠮᠳᠠᠯᠠᠨ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠣ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢ ᠡᠷᠡᠰ ᠭᠤᠶᠢᠪᠢᠰᠢ ᠦᠬᠡᠢ ᠠᠬᠢᠭᠤᠯᠣᠨ᠂ ᠳᠦᠯᠦᠪᠯᠡᠬᠡᠳᠣ ᠦᠷᠡᠵᠢᠯ ᠤᠨ ᠨᠡᠶᠢᠬᠡᠮᠯᠢᠭ ᠤᠨ ᠰᠢᠨ᠎ᠡ ᠡᠬᠦᠷᠬᠡ ᠴᠢᠳᠠᠪᠬᠢ ᠰᠢᠨ᠎ᠡ ᠡᠬᠦᠷᠬᠡ ᠶᠢ ᠬᠦᠢᠴᠡᠳᠬᠡᠵᠣ᠂ ᠳᠦᠯᠦᠪᠯᠡᠬᠡᠳᠣ ᠦᠷᠡᠵᠢᠯ ᠤᠨ ᠨᠡᠶᠢᠬᠡᠮᠯᠢᠭ ᠤᠨ ᠬᠡᠰᠢᠬᠦᠨ ᠪᠣᠯᠣᠨ ᠠᠵᠢᠯᠳᠠᠨ ᠤ ᠲᠣᠰᠬᠠᠶᠢᠵᠢᠭᠰᠠᠨ ᠬᠢᠷᠢ ᠬᠡᠮᠵᠢᠶ᠎ᠡ ᠪᠣᠯᠣᠨ ᠦᠢᠯᠡᠴᠢᠯᠡᠬᠡᠨ ᠤ ᠴᠢᠳᠠᠪᠣᠷᠢ ᠶᠢ ᠳᠠᠰᠣᠷᠠᠯᠳᠠ ᠦᠬᠡᠢ ᠳᠡᠬᠡᠭᠰᠢᠯᠡᠬᠦᠯᠵᠣ᠂ ᠪᠦᠬᠦ ᠲᠠᠯ᠎ᠠ ᠶᠢᠨ ᠪᠦᠬᠦ ᠦᠶᠡᠯᠡᠯ ᠤᠨ ᠬᠤᠭᠤᠴᠠᠭᠠᠨ ᠤ ᠡᠷᠡᠬᠦᠯ ᠴᠢᠬᠢᠷᠠᠭ ᠤᠨ ᠦᠢᠯᠡᠴᠢᠯᠡᠬᠡᠨ ᠤ ᠠᠵᠢᠯ ᠢ ᠰᠠᠶᠢᠳᠣᠷ ᠬᠢᠬᠦ ᠳᠤ ᠬᠦᠴᠦ ᠨᠡᠮᠡᠷᠢᠯᠡᠬᠦ ᠬᠡᠷᠡᠭᠳᠡᠢ ᠬᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号