ᠡᠷᠢᠶᠡᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠵᠦ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/23
     ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠰᠢᠷᠢᠰ ᠠᠷᠭ᠎ᠠ ᠬᠡᠮᠵᠢᠶ᠎ᠡ ᠠᠪᠴᠤ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠳᠤ ᠬᠦᠴᠦᠨ ᠨᠡᠮᠡᠷᠢᠯᠡᠪᠡ᠃      ᠡᠷᠢᠶᠡᠨ ᠪᠣᠭᠤᠮᠲᠠ ᠶᠢᠨ ᠬᠢᠨ ᠡᠩ ᠲᠡᠷᠢᠭᠦᠨ ᠳᠤ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢ ᠪᠣᠭᠤᠮᠲᠠ ᠰᠢᠪᠲᠤᠯᠤᠭᠰᠠᠨ ᠤ ᠳᠠᠷᠠᠭ᠎ᠠ᠂ ᠡᠳᠦᠷ ᠪᠦᠷᠢ ᠳᠤᠮᠳᠠᠴᠢ ᠪᠠᠷ 8 ᠰᠠᠭᠤᠷᠢ ᠠᠴᠠ ᠳᠣᠷᠣᠭᠰᠢᠬᠢ 8 ᠵᠢᠵᠢᠭ ᠬᠡᠯᠪᠡᠷᠢ ᠶᠢᠨ ᠲᠡᠷᠭᠡᠨ ᠳᠤ ᠰᠠᠭᠤᠵᠤ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣ ᠨᠠᠰᠢ ᠴᠠᠰᠢ ᠶᠠᠪᠤᠵᠤ᠂ ᠪᠣᠭᠤᠮᠲᠠ ᠶᠢᠨ ᠵᠡᠭᠡᠯᠢ ᠭᠤᠳᠤᠮᠵᠢ ᠳᠤ ᠬᠦᠮᠦᠨ ᠬᠠᠷ᠎ᠠ ᠳᠡᠷᠭᠡ ᠣᠨᠤᠭ᠎ᠠ ᠨᠠᠭᠠᠰᠢ ᠴᠠᠭᠠᠰᠢ ᠰᠦᠯᠵᠢᠳᠣᠨ ᠳᠠᠪᠬᠢᠵᠦ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠵᠦ᠂ ᠮᠠᠨ ᠤ ᠬᠤᠲᠠ ᠶᠢᠨ ᠬᠤᠨᠣᠵᠤ ᠬᠡᠪᠲᠡᠬᠦ᠂ ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠦᠳᠲᠡᠷ ᠲᠦᠷᠭᠡᠨ ᠬᠥᠭᠵᠢᠬᠦ ᠶᠢ ᠳᠠᠶᠢᠴᠢᠯᠠᠪᠠ᠃ 10 ᠰᠠᠷ᠎ᠠ ᠶᠢᠨ 20 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭᠠᠨ ᠤ ᠪᠠᠭᠠᠵᠢ 52.2 ᠲᠦᠮᠡᠨ ᠲᠡᠷᠭᠡ ︵ᠴᠤᠪᠤᠭ᠎ᠠ︶ ᠬᠦᠷᠴᠦ᠂ ᠠᠳᠠᠯᠢ ᠬᠤᠭᠤᠴᠠᠭᠠᠨ ᠤ ᠬᠢ ᠠᠴᠠ 185% ᠪᠠᠷ ᠨᠡᠮᠡᠭᠳᠡᠪᠡ︔ ᠬᠢᠯᠢ ᠪᠠᠷ ᠣᠷᠣᠵᠤ ᠭᠠᠷᠬᠤ ᠬᠥᠮᠦᠰ 205.1 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.6% ᠪᠠᠷ ᠨᠡᠮᠡᠭᠳᠡᠪᠡ᠃      ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠳᠤ᠂ ᠡᠨᠡ ᠵᠢᠯ ᠤᠨ 4 ᠳ᠋ᠦ᠋ᠭᠡᠷ ᠰᠠᠷ᠎ᠠ ᠶᠢᠨ 1 ᠤ ᠡᠳᠦᠷ ᠠᠴᠠ 9 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ 6 ᠰᠠᠷ᠎ᠠ ᠶᠢᠨ 24 ᠴᠠᠭ ᠢᠶᠠᠷ ᠪᠣᠭᠤᠮᠲᠠ ᠪᠠᠷ ᠥᠩᠭᠡᠷᠡᠬᠦ ᠶᠢ ᠭᠡᠷᠡᠭᠵᠢᠬᠦᠯᠦᠯᠪᠠ᠃ ᠲᠤᠷᠰᠢᠨ ᠠᠵᠢᠯᠯᠠᠭᠤᠯᠬᠤ ᠬᠤᠭᠤᠴᠠᠭᠠᠨ ᠳᠤ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 236.1 ᠲᠦᠮᠡᠨ ᠲᠣᠨ ᠪᠡᠶᠡᠯᠡᠭᠦᠯᠪᠡ᠃ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠵᠠᠰᠠᠮᠠᠯ ᠵᠠᠮ ᠤᠨ ᠪᠣᠭᠤᠮᠲᠠ ᠳᠤ ᠨᠡᠶᠢᠲᠡ 302 ᠲᠦᠮᠡᠨ ᠲᠣᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠪᠡᠶᠡᠯᠡᠭᠦᠯᠪᠡ᠃      ᠡᠭᠦᠨ ᠤ ᠬᠠᠮᠲᠤ᠂ ᠡᠷᠢᠶᠡᠨ ᠪᠣᠭᠤᠮᠲᠠ ᠨᠢ ᠪᠠᠰᠠ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢᠨ ᠳᠠᠭᠠᠯᠳᠤᠭᠤᠯᠤᠯ ᠬᠠᠭᠤᠳᠠᠰᠤ ᠪᠠᠷᠢᠮᠲᠠ ᠶᠢ ᠤᠯᠠᠮ ᠨᠢᠭᠡ ᠠᠯᠬᠤᠮ ᠴᠣᠮᠬᠠᠳᠬᠠᠵᠤ᠂ ᠪᠠᠶᠢᠴᠠᠭᠠᠨ ᠰᠢᠯᠭᠠᠬᠤ ᠶᠠᠪᠤᠴᠠ ᠪᠠ ᠠᠵᠢᠯᠲᠠᠨ ᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠂ ᠭᠠᠳᠠᠭᠠᠳᠤ ᠠᠴᠠ ᠣᠷᠣᠭᠤᠯᠬᠤ ᠪᠠ ᠪᠣᠭᠤᠮᠲᠠ ᠰᠣᠯᠢᠬᠤ ᠠᠦ᠋ᠲ᠋ᠣ᠋ ᠬᠢᠨᠠᠨ ᠬᠠᠷᠭᠤᠭᠤᠯᠬᠤ᠂ ᠭᠠᠳᠠᠭᠠᠳᠤ ᠳᠤ ᠭᠠᠷᠭᠠᠬᠤ ᠪᠠ ᠪᠣᠭᠤᠮᠲᠠ ᠪᠠᠷ ᠰᠢᠯᠵᠢᠭᠦᠯᠬᠦ ᠠᠦ᠋ᠲ᠋ᠣ᠋ ᠬᠢᠨᠠᠨ ᠬᠠᠷᠭᠤᠭᠤᠯᠤᠯᠲᠠ ᠶᠢᠨ ᠴᠢᠳᠠᠮᠵᠢ ᠶᠢ ᠡᠬᠢᠯᠡᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠰᠠᠭᠠᠳ ᠥᠬᠡᠶ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠦᠨ᠎ᠡ︔ ᠠᠶᠠᠨᠴᠢᠳ ᠤᠨ ᠴᠤᠪᠤᠷᠠᠯ ᠤᠨ ᠬᠡᠮᠵᠢᠶ᠎ᠡ ᠶᠢ ᠲᠡᠷᠡ ᠳᠠᠷᠤᠶ ᠳᠤᠨᠢ ᠮᠡᠳᠡᠭᠳᠡᠬᠦ ᠵᠢᠴᠢ ᠬᠢᠯᠢ ᠪᠠᠷ ᠣᠷᠣᠵᠤ ᠭᠠᠷᠬᠤ ᠠᠶᠠᠨᠴᠢᠳ ᠤᠨ ︽ᠲᠥᠷᠥᠯ ᠬᠤᠪᠢᠶᠠᠨ ᠰᠠᠯᠭᠠᠬᠤ︾ ᠪᠣᠭᠤᠮᠲᠠ ᠪᠠᠷ ᠥᠩᠭᠡᠷᠡᠬᠦ ᠲᠦᠷᠢᠮ ᠢ ᠪᠠᠶᠢᠭᠤᠯᠵᠤ᠂ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠵᠦᠶ ᠵᠣᠬᠢᠰᠲᠠᠶ ᠳᠣᠭᠢᠷᠠᠭᠤᠯᠤᠨ᠂ ᠠᠶᠠᠨᠴᠢᠳ ᠢ ᠥᠨᠳᠥᠷ ᠪᠦᠲᠦᠮᠵᠢᠲᠡᠶ ᠪᠠᠷ ᠨᠡᠪᠲᠡᠷᠡᠭᠦᠯᠬᠦ ᠶᠢ ᠪᠠᠲᠤᠯᠠᠨ᠎ᠠ︔ ᠲᠡᠮᠦᠷ ᠵᠠᠮ ᠤᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠪᠠᠷ ᠠᠵᠤ ᠠᠬᠤᠶᠢᠯᠠᠯ ᠳᠤ ᠪᠥᠬᠦ ᠶᠠᠪᠤᠴᠠ ᠶᠢᠨ ᠪᠠᠷᠠᠭᠠᠨ ᠤ ᠭᠦᠢᠯᠭᠡᠭᠡᠨ ᠤ ᠰᠢᠢᠳᠪᠦᠷᠢᠯᠡᠬᠦ ᠲᠥᠰᠦᠯ ᠢ ᠲᠣᠭᠲᠠᠭᠠᠵᠤ᠂ ᠪᠣᠭᠤᠮᠲᠠ ᠪᠠᠷ ᠥᠩᠭᠡᠷᠡᠬᠦ ᠴᠠᠭ ᠢ ᠪᠦᠬᠦᠯᠢ ᠴᠣᠭᠴᠠ ᠪᠠᠷ ᠨᠢ ᠪᠠᠭᠠᠰᠬᠠᠨ᠂ ᠲᠦᠷᠭᠡᠨ ᠣᠷᠣᠭᠤᠯᠵᠤ ᠲᠦᠷᠭᠡᠨ ᠭᠠᠷᠭᠠᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号