ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/10/24
     ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ 10 ᠰᠠᠷ᠎ᠠ ᠶᠢᠨ 21 ᠤ ᠡᠳᠦᠷ ᠪᠣᠯᠲᠠᠯ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1400 ᠲᠦᠮᠡᠨ ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.6 ᠲᠦᠮᠡᠨ ᠲᠣᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ 1.5 % ᠳᠤ ᠬᠦᠷᠴᠦ᠂ ᠲᠡᠤᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃      ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠣᠯᠠᠰᠢᠷᠠᠵᠤ᠂ ᠶᠡᠭᠡ ᠬᠡᠮᠵᠢᠶᠡᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠠᠮᠵᠢᠭᠤᠯᠤᠨ ᠰᠣᠯᠢᠵᠤ ᠠᠴᠢᠶᠠᠯᠠᠭᠰᠠᠨ ᠤ ᠳᠠᠷᠠᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠭᠠᠵᠠᠷ ᠲᠤ ᠬᠦᠷᠭᠡᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠦᠷᠭᠡᠨ ᠬᠥᠭᠵᠢᠯᠲᠡ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃      ᠬᠢᠯᠢ ᠠᠯᠤᠰᠯᠠᠭᠰᠠᠨ ᠪᠠᠷᠠᠭᠠᠨ ᠤ ᠭᠠᠯᠲᠤ ᠲᠡᠷᠭᠡᠨ ᠤ ᠪᠣᠭᠤᠮᠲᠠ ᠪᠠᠷ ᠥᠩᠭᠡᠷᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠬᠦ ᠶᠢᠨ ᠳᠣᠯᠠᠳᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠨ ︽ᠲᠣᠭᠠᠴᠢᠯᠠᠭᠰᠠᠨ ᠪᠣᠭᠤᠮᠲᠠ︾ ᠶᠢᠨ ᠰᠢᠰᠲ᠋ᠧᠮ ᠢ ᠭᠦᠢᠴᠡᠳ ᠠᠰᠢᠭᠯᠠᠵᠤ᠂ ᠪᠣᠭᠤᠮᠲᠠ᠂ ᠬᠢᠯᠢ ᠶᠢᠨ ᠪᠠᠶᠢᠴᠠᠭᠠᠯᠲᠠ᠂ ᠪᠠᠷᠠᠭᠠᠨ ᠤ ᠣᠷᠣᠯᠠᠨ ᠭᠦᠢᠴᠡᠳᠬᠡᠬᠦ ᠺᠣᠮᠫᠠᠨᠢ ᠵᠡᠷᠭᠡ ᠬᠠᠮᠲᠤᠷᠠᠨ ᠪᠠᠶᠢᠴᠠᠭᠠᠬᠤ ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠲᠤᠰᠢᠶᠠᠬᠤ ᠪᠠ ᠭᠥᠯᠢᠶᠡᠨ ᠠᠪᠬᠤ ᠭᠠᠵᠠᠷ ᠤᠨ ᠳᠣᠲᠣᠭᠠᠳᠤ ᠶᠢᠨ ᠦᠢᠯᠡᠴᠢᠯᠡᠭᠡᠨ ᠤ ᠶᠡᠭᠡ ᠲᠢᠩᠬᠢᠮ ᠳᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠣᠬᠢᠷᠳᠤᠯ ᠦᠭᠡᠢ ᠴᠣᠩᠬᠤ ᠭᠠᠷᠭᠠᠵᠤ᠂ ᠠᠵᠤ ᠠᠬᠤᠶᠢᠯᠠᠯ ᠤᠨ ᠪᠠᠷᠠᠭᠠᠨ ᠤ ᠡᠵᠡᠨ ᠳᠤ 7 × 24 ᠴᠠᠭ ᠡᠭᠦᠳᠡ ᠪᠠᠨ ᠬᠠᠭᠠᠬᠤ ᠦᠭᠡᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠪᠠᠷᠠᠭᠠᠨ ᠤ ᠡᠵᠡᠨ ᠢ ᠬᠡᠵᠢᠶ᠎ᠡ ᠢᠷᠡᠪᠡᠯ ᠬᠡᠵᠢᠶ᠎ᠡ ᠭᠦᠢᠴᠡᠳᠬᠡᠬᠦ᠂ ᠴᠠᠭ ᠲᠤᠬᠠᠢ ᠳᠤᠨᠢ ᠭᠦᠢᠴᠡᠳᠬᠡᠬᠦ ᠶᠢ ᠪᠠᠲᠤᠯᠠᠪᠠ᠃ ᠡᠭᠦᠨ ᠤ ᠬᠠᠮᠲᠤ᠂ ᠰᠣᠯᠢᠵᠤ ᠠᠴᠢᠶᠠᠯᠠᠬᠤ ᠠᠵᠢᠯ ᠤᠨ ᠲᠠᠯᠠᠪᠤᠷ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠵᠢᠯᠲᠠᠨ ᠢ ᠵᠣᠬᠢᠶᠠᠨ ᠪᠠᠶᠢᠭᠤᠯᠤᠨ ᠪᠦᠯᠦᠭ ᠪᠦᠷᠢ ᠶᠢᠨ ᠠᠵᠢᠯ ᠤᠨ ᠲᠥᠯᠥᠪᠯᠡᠭᠡ ᠶᠣᠰᠣᠭᠠᠷ ᠤᠷᠢᠳᠴᠢᠯᠠᠨ ᠲᠠᠯᠠᠪᠠᠶ ᠳᠤ ᠣᠷᠣᠭᠤᠯᠵᠤ᠂ ᠠᠵᠢᠯ ᠤᠨ ᠪᠤᠰᠤ ᠬᠦᠯᠢᠶᠡᠬᠦ ᠴᠠᠭ ᠢ ᠪᠣᠭᠤᠨᠢᠰᠬᠠᠵᠤ᠂ ᠰᠣᠯᠢᠵᠤ ᠠᠴᠢᠶᠠᠯᠠᠬᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠵᠤ᠂ ᠡᠨᠧᠷᠭᠢ ᠶᠢᠨ ᠡᠳ᠋ ᠪᠣᠳᠠᠰ ᠢ ︽ᠬᠤᠷᠳᠤᠴᠠ ᠪᠠᠨ ᠨᠡᠮᠡᠭᠳᠡᠭᠦᠯᠬᠦ︾ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号