【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠨ᠎ᠠ 】 ︽ᠨᠡᠶᠢᠭᠡᠮ ᠤᠨ ᠬᠢᠨᠠᠯᠲᠠ ᠲᠠᠯᠪᠢᠭᠴᠢ︾ ᠠᠵᠢᠯ ᠤᠨ ᠪᠠᠶᠢᠷᠢ ᠳᠤ ᠭᠠᠷᠴᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠠᠬᠢᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/25
     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠰᠤᠷᠲᠠᠯ ᠪᠠ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠵᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ︽ᠣᠯᠠᠨ ᠲᠦᠮᠡᠨ ᠳᠤ ᠪᠠᠷ᠎ᠠ ᠪᠣᠯᠬᠤ︾ ᠠᠵᠢᠯᠯᠠᠭ᠎ᠠ ᠥᠷᠨᠢᠭᠦᠯᠪᠡ᠃
    ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠣᠨᠢᠨ ᠮᠡᠳᠡᠭᠡᠨ ᠤ ᠠᠵᠢᠯᠲᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ᠂ ᠠᠵᠤ ᠠᠬᠤᠶᠢᠯᠠᠯ ᠵᠢᠴᠢ ᠬᠤᠪᠢ ᠶᠢᠨ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠲᠥᠯᠥᠭᠡᠯᠡᠭᠴᠢ ᠪᠠᠷ ᠪᠦᠷᠢᠯᠳᠦᠵᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠲᠥᠷᠥᠯ ᠤᠨ ᠰᠤᠷᠲᠠᠯ ᠢ ᠦᠨᠡᠯᠡᠨ ᠶᠠᠷᠢᠯᠴᠠᠵᠤ ᠬᠢᠨᠠᠨ ᠪᠠᠶᠢᠴᠠᠭᠠᠬᠤ ᠳᠤ ᠣᠷᠣᠯᠴᠠᠭᠴᠢ ᠪᠣᠯᠤᠨ᠎ᠠ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ᠂ ᠨᠡᠶᠢᠭᠡᠮ ᠤᠨ ᠬᠢᠨᠠᠯᠲᠠ ᠲᠠᠯᠪᠢᠭᠴᠢ ᠣᠯᠠᠨ ᠲᠦᠮᠡᠨ ᠤ ᠠᠩᠬᠠᠷᠴᠤ ᠪᠠᠶᠢᠭ᠎ᠠ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠪᠠᠲᠤᠯᠠᠭ᠎ᠠ᠂ ᠠᠵᠤ ᠠᠬᠤᠶᠢᠯᠠᠯ ᠤᠨ ᠲᠤᠰᠬᠠᠶ ᠲᠣᠭᠤᠷᠢᠭ᠂ ᠭᠠᠶᠢᠯᠢ ᠶᠢᠨ ᠶᠠᠪᠤᠳᠠᠯ᠂ ᠥᠯᠥ ᠬᠥᠳᠡᠯᠬᠦ ᠬᠥᠷᠥᠩᠭᠡ᠂ ᠡᠷᠦᠬᠡ ᠠᠮᠠ ᠶᠢᠨ ᠬᠠᠷᠢᠶ᠎ᠠ᠂ ᠮᠠᠰᠢᠨᠲᠤ ᠲᠡᠷᠭᠡ ᠵᠡᠷᠭᠡ ᠠᠷᠠᠳ ᠤᠨ ᠠᠮᠢᠳᠤᠷᠠᠯ ᠤᠨ ᠥᠨᠳᠥᠷ ᠳᠠᠪᠲᠠᠮᠵᠢᠲᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠬᠤ ᠶᠢᠨ ᠬᠠᠮᠲᠤ ︽ ᠡᠯᠧᠺᠲᠷᠦᠨ ᠬᠢᠨᠠᠨ ᠪᠠᠶᠢᠴᠠᠭᠠᠯᠲᠠ︾᠂ ︽ᠢᠲᠡᠭᠡᠮᠵᠢ  + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽ ᠬᠦᠢᠴᠡᠳᠬᠡᠵᠦ ᠳᠡᠶᠢᠯᠬᠦ ᠥᠬᠡᠶ ᠣᠴᠢᠷ ᠶᠠᠪᠣᠳᠠᠯ ︾   ᠳᠤ ᠬᠠᠷᠢᠭᠤ ᠲᠤᠰᠬᠠᠬᠤ ᠴᠣᠩᠬᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠤᠩᠬᠤᠪᠴᠢ ᠶᠢᠨ ᠬᠠᠮᠢᠶ᠎ᠠ ᠪᠥᠬᠦᠶ ᠡᠬᠡ ᠲᠠᠩᠰᠠ ᠶᠢ ᠪᠠᠶᠢᠨ ᠪᠠᠶᠢᠨ ᠤᠷᠪᠠᠭᠤᠯᠤᠨ ᠦᠵᠡᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠤᠭᠯᠠᠭᠤᠯᠪᠠ᠃
    ᠴᠤᠪᠤᠷᠠᠯ ᠢᠶᠠᠷ ᠶᠠᠪᠤᠬᠤ ᠠᠵᠢᠯᠯᠠᠭ᠎ᠠ ᠥᠷᠨᠢᠭᠦᠯᠬᠦ ᠶᠠᠪᠤᠴᠠ ᠳᠤ᠂ ᠨᠡᠶᠢᠭᠡᠮ ᠤᠨ ᠬᠢᠨᠠᠯᠲᠠ ᠲᠠᠯᠪᠢᠭᠴᠢ ᠠᠴᠠ ᠪᠤᠰᠤᠳᠴᠢ᠂ ᠲᠥᠪ ᠭᠤᠣᠯᠴᠢ᠂ ᠬᠠᠷᠢᠭᠤᠴᠠᠬᠤ ᠣᠪᠣᠷ ᠢ ᠪᠠᠷᠢᠮᠲᠠᠯᠠᠵᠤ᠂ ᠭᠤᠭᠴᠤᠭ᠎ᠠ ᠨᠢᠭᠡᠪᠦᠷᠢ ᠶᠢᠨ ᠣᠶᠢᠯᠠᠭᠠᠯᠲᠠ ᠲᠥᠷᠥᠭᠳᠡᠯ ᠢ ᠨᠠᠷᠢᠨ ᠬᠢᠨᠠᠮᠠᠭᠠᠶ ᠲᠡᠮᠳᠡᠭᠯᠡᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠡᠯ᠎ᠡ ᠬᠢᠨᠠᠯᠲᠠ ᠲᠠᠯᠪᠢᠭᠴᠢ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠨᠠᠷᠢᠨ ᠲᠠᠩᠰᠠ ᠭᠠᠷᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠤᠨ᠎ᠠ᠃      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠭᠡᠮ ᠤᠨ ᠬᠢᠨᠠᠯᠲᠠ ᠲᠠᠯᠪᠢᠭᠴᠢ ᠵᠣᠣ ᠼᠦᠨ ᠶᠢᠩ᠄ ︽︿ᠣᠯᠠᠨ ᠲᠦᠮᠡᠨ ᠳᠤ ᠪᠠᠷ᠎ᠠ ᠪᠣᠯᠬᠤ﹀᠂ ᠪᠢᠳᠡ ᠴᠣᠩᠬᠤ ᠪᠣᠯᠭᠠᠨ ᠳᠤ ᠣᠯᠠᠨ ᠲᠦᠮᠡᠨ ᠳᠤ ᠪᠠᠷ᠎ᠠ ᠪᠣᠯᠵᠣ ᠡᠯ᠎ᠡ ᠵᠦᠢᠯ ᠤᠨ ᠬᠡᠷᠡᠭ ᠶᠠᠪᠤᠳᠠᠯ ᠢ  ᠬᠦᠢᠴᠡᠳᠬᠡᠬᠦ ᠪᠠᠷ ᠳᠡᠮᠵᠢᠨ᠂ ᠪᠢᠳᠡᠨ ᠳᠤ ᠣᠲᠣ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠠᠰᠢ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠣᠯᠤᠭᠰᠠᠨ ᠪᠥᠭᠡᠳ ᠦᠢᠯᠡᠴᠢᠯᠡᠭᠡ ᠨᠢ ᠨᠠᠩ ᠢᠯᠡᠭᠦᠤ ᠰᠡᠳᠬᠢᠯ ᠢ ᠳᠤᠯᠠᠭᠠᠴᠠᠭᠤᠯᠵᠤ᠂ ᠨᠠᠷᠢᠨ ᠨᠢᠮᠪᠠᠶ ᠪᠠᠶᠢᠵᠤ᠂ ᠪᠦᠬᠦ᠋ᠢᠯᠡ ᠦᠢᠯᠡᠴᠢᠯᠡᠭᠡᠨ ᠤ ᠬᠢᠷᠢ ᠲᠦᠪᠰᠢᠨ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠢ ᠮᠡᠳᠡᠷᠡᠭᠦᠯᠵᠦ᠂ ᠮᠠᠨ ᠤ ᠡᠲᠡᠭᠡᠷ ᠣᠯᠠᠨ ᠲᠦᠮᠡᠨ ᠮᠠᠰᠢ ᠬᠠᠨᠤᠮᠵᠢᠲᠠᠶ ᠪᠠᠶᠢᠨ᠎ᠠ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号