ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2024/10/28
    10 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠧᠩ ᠢᠦᠶ ᠵᠧᠨ ᠪᠦᠯᠬᠦᠮ ᠳᠠᠭᠠᠭᠤᠯᠤᠨ ᠮᠠᠨ ᠤ ᠬᠤᠲᠠ ᠳᠤ ᠭᠦᠨᠵᠡᠭᠡᠶᠢᠷᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠪᠠ᠃
    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠪᠠᠷ᠎ᠠ ᠪᠣᠯᠪᠠ᠃     ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠵᠢᠤᠢ ᠶᠤᠸᠠᠨ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠬᠡ ᠳᠠᠩᠰᠠ ᠶᠢᠨ ᠮᠠᠲ᠋ᠧᠷᠢᠶᠠᠯ ᠢ ᠬᠢᠨᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠠᠵᠢᠯᠯᠠᠭ᠎ᠠ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠪᠠᠶᠢᠳᠠᠯ ᠢ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠠᠵᠤ ᠠᠬᠤᠶᠢᠯᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠱᠠᠭᠠᠷᠳᠠᠪᠠ᠃
   ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠨᠢ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠨᠥᠬᠦᠪᠦᠷᠢ ᠪᠠ ᠦᠷᠭᠦᠯᠵᠢᠯᠡᠯ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠠᠲᠠᠭᠤ ᠠᠷᠭ᠎ᠠ ᠪᠣᠳᠠᠲᠠᠢ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠦᠴᠦᠲᠡᠢ ᠪᠠᠲᠤᠯᠠᠭ᠎ᠠ ᠮᠥᠨ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠵᠤ ᠭᠠᠷᠭᠠᠭᠰᠠᠨ ᠠᠰᠠᠭᠤᠳᠠᠯ ᠪᠠ ᠬᠡᠮ ᠰᠣᠭᠤᠭ ᠢ ᠨᠠᠷᠢᠨ ᠬᠢᠨᠠᠮᠠᠭᠠᠶ ᠡᠮᠬᠢᠯᠡᠵᠦ᠂ ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号