【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠥᠪᠥᠷ ᠮᠣᠩᠭᠤᠯ ᠤᠨ 2024 ᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳ᠋ᠦᠩᠰᠢᠭᠤᠷ ᠲᠣᠨ ᠡᠷᠢᠶᠡᠨ ᠪᠣᠭᠤᠮᠲᠠ ᠶᠢᠨ ᠲᠠᠪᠤᠨ ᠤ ᠨᠢᠭᠡ ᠬᠤᠪᠢ ᠶᠢ ᠡᠵᠡᠯᠡᠪᠡ
ᠨᠡᠶᠢᠲᠡᠯᠡᠭᠰᠡᠨ ᠴᠠᠭ᠄
2024/10/28
     ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠬᠡᠷ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ 10 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠠᠭᠤᠷᠠᠶ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1 ᠳ᠋ᠦᠩᠰᠢᠭᠤᠷ ᠲᠣᠨ ᠤ ᠪᠣᠭᠤᠮᠲᠠ ᠶᠢ ᠳᠠᠪᠠᠵᠤ᠂ ᠳᠠᠬᠢᠨ ᠰᠢᠨ᠎ᠡ ᠲᠡᠮᠳᠡᠭᠯᠡᠯ ᠢ ᠡᠭᠦᠳᠪᠡ᠃ ᠡᠭᠦᠨ ᠳᠤ᠂ ᠡᠷᠢᠶᠡᠨ ᠪᠣᠭᠤᠮᠲᠠ ᠳᠤ ᠴᠢᠬᠤᠯᠠ ᠬᠦᠴᠦᠨ ᠴᠢᠳᠠᠯ ᠢᠶᠠᠨ ᠡᠷᠭᠦᠪᠡ᠃
     ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠰᠢᠷᠢᠰ ᠠᠷᠭ᠎ᠠ ᠬᠡᠮᠵᠢᠶ᠎ᠡ ᠠᠪᠴᠤ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠳᠤ ᠬᠦᠴᠦᠨ ᠨᠡᠮᠡᠷᠢᠯᠡᠪᠡ᠃ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠳᠤ 6 ᠰᠠᠷ᠎ᠠ ᠶᠢᠨ ᠬᠤᠭᠤᠴᠠᠭ᠎ᠠ ᠲᠠᠢ 24 ᠴᠠᠭ ᠢᠶᠠᠷ ᠪᠣᠭᠤᠮᠲᠠ ᠪᠠᠷ ᠥᠩᠭᠡᠷᠡᠬᠦ ᠶᠢ ᠬᠡᠷᠡᠭᠵᠢᠭᠦᠯᠵᠦ᠂ ᠲᠤᠷᠰᠢᠨ ᠠᠵᠢᠯᠯᠠᠭᠤᠯᠬᠤ ᠬᠤᠭᠤᠴᠠᠭᠠᠨ ᠳᠤ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 236.1 ᠲᠦᠮᠡᠨ ᠲᠣᠨ ᠳᠤ ᠪᠡᠶᠡᠯᠡᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ 302 ᠲᠦᠮᠡᠨ ᠲᠣᠨ ᠪᠠᠷᠠᠭ᠎ᠠ ᠲᠡᠭᠡᠭᠡᠪᠦᠷᠢᠯᠡᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠪᠣᠭᠤᠮᠲᠠ ᠪᠠᠷ ᠥᠩᠭᠡᠷᠡᠬᠦ ᠨᠢ ᠪᠣᠭᠤᠮᠲᠠ ᠶᠢᠨ ᠠᠶᠠᠨᠴᠢᠳ ᠪᠠ ᠪᠠᠷᠠᠭ᠎ᠠ ᠶᠢᠨ ᠨᠡᠮᠡᠭᠳᠡᠯ ᠢ ᠤᠯᠠᠮ ᠨᠢᠭᠡ ᠠᠯᠬᠤᠮ ᠳᠠᠶᠢᠴᠢᠯᠠᠪᠠ᠃
     ᠪᠣᠭᠤᠮᠲᠠ ᠪᠠᠷ ᠥᠩᠭᠡᠷᠡᠬᠦ ᠳᠤᠮᠳᠠ᠂ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠠᠮᠲᠤᠷᠠᠨ ᠪᠠᠶᠢᠴᠠᠭᠠᠬᠤ ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠬᠢᠨᠠᠨ ᠬᠠᠮᠢᠶᠠᠷᠬᠤ ᠭᠠᠷᠳᠠᠮ ᠢ ᠲᠠᠰᠤᠷᠠᠯᠲᠠ ᠥᠬᠡᠶ ᠳᠥᠭᠦᠮᠴᠢᠯᠡᠵᠦ᠂ ᠬᠢᠨᠠᠨ ᠬᠠᠮᠢᠶᠠᠷᠬᠤ ᠶᠠᠪᠤᠴᠠ ᠶᠢ ᠰᠢᠯᠤᠭᠤᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠰᠠᠭᠠᠳ ᠥᠬᠡᠶ ᠨᠡᠪᠲᠡᠷᠡᠬᠦ ᠵᠠᠮ᠂ ᠲᠤᠰᠬᠠᠶ ᠨᠡᠪᠲᠡᠷᠡᠬᠦ ᠵᠠᠮ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠤᠶᠤᠨᠴᠢᠯᠠᠭᠰᠠᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠠᠰ ᠳᠡᠪᠰᠢᠭᠦᠯᠵᠦ᠂ ︽ᠬᠥᠮᠦᠨ ᠪᠠ ᠲᠡᠷᠭᠡ ᠬᠥᠰᠬᠡ ᠶᠢ ᠴᠠᠭ ᠲᠤᠬᠠᠶ ᠳᠤᠨᠢ ᠪᠠᠶᠢᠴᠠᠭᠠᠵᠤ᠂ ᠳᠠᠷᠤᠶ ᠲᠦᠷᠭᠡᠨ ᠪᠠᠶᠢᠴᠠᠭᠠᠬᠤ ᠶᠢ ᠪᠠᠲᠤᠯᠠᠵᠤ᠂ ᠳᠠᠩᠰᠠᠯᠠᠭᠤᠯᠤᠨ ᠭᠤᠶᠤᠴᠢᠯᠠᠨ ᠮᠡᠳᠡᠭᠦᠯᠬᠦ ᠳᠤ ︽ᠬᠦᠯᠢᠶᠡᠬᠦ ᠥᠬᠡᠶ︾᠂ ᠬᠥᠮᠦᠰ ᠤᠨ ᠪᠣᠭᠤᠮᠲᠠ ᠪᠠᠷ ᠥᠩᠭᠡᠷᠡᠬᠦ ᠳᠤ ︽ᠬᠦᠯᠢᠶᠡᠬᠦ ᠥᠬᠡᠶ︾᠂ ᠪᠠᠷᠠᠭᠠᠨ ᠤ ᠪᠣᠭᠤᠮᠲᠠ ᠪᠠᠷ ᠥᠩᠭᠡᠷᠡᠬᠦ ᠳᠤ ︽ᠬᠤᠶᠢᠰᠢᠯᠠᠬᠤ ᠦᠭᠡᠢ︾ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢᠨ ᠳᠠᠭᠠᠯᠳᠤᠭᠤᠯᠤᠭᠰᠠᠨ ᠬᠠᠭᠤᠳᠠᠰᠤ ᠪᠠᠷᠢᠮᠲᠠ ᠶᠢ ᠴᠣᠮᠬᠠᠳᠬᠠᠵᠤ᠂ ᠬᠢᠯᠢ ᠪᠠᠷ ᠣᠷᠣᠵᠤ ᠭᠠᠷᠬᠤ ᠠᠶᠠᠨᠴᠢᠳ ᠢ ︽ᠲᠥᠷᠥᠯ ᠬᠤᠪᠢᠶᠠᠨ ᠰᠠᠯᠭᠠᠬᠤ︾ ᠪᠣᠭᠤᠮᠲᠠ ᠪᠠᠷ ᠥᠩᠭᠡᠷᠡᠬᠦ ᠲᠦᠷᠢᠮ ᠢ ᠪᠠᠶᠢᠭᠤᠯᠤᠨ᠂ ᠠᠶᠠᠨᠴᠢᠳ ᠢ ᠥᠨᠳᠥᠷ ᠪᠦᠲᠦᠮᠵᠢᠲᠡᠶ ᠪᠠᠷ ᠨᠡᠪᠲᠡᠷᠡᠭᠦᠯᠬᠦ ᠶᠢ ᠪᠠᠲᠤᠯᠠᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠪᠠᠷ ᠠᠵᠤ ᠠᠬᠤᠶᠢᠯᠠᠯ ᠳᠤ ᠪᠥᠬᠦ ᠶᠠᠪᠤᠴᠠ ᠶᠢᠨ ᠡᠳ᠋ ᠪᠠᠷᠠᠭ᠎ᠠ ᠶᠢᠨ ᠭᠦᠢᠯᠭᠡᠭᠡᠨ ᠤ ᠰᠢᠢᠳᠪᠦᠷᠢᠯᠡᠬᠦ ᠲᠥᠰᠦᠯ ᠲᠣᠭᠲᠠᠭᠠᠵᠤ᠂ ᠪᠣᠭᠤᠮᠲᠠ ᠶᠢᠨ ᠶᠡᠭᠡ ᠪᠠᠷ ᠣᠷᠣᠵᠤ ᠭᠠᠷᠬᠤ᠂ ᠲᠦᠷᠭᠡᠨ ᠣᠷᠣᠵᠤ ᠲᠦᠷᠭᠡᠨ ᠭᠠᠷᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号