ᠪᠠᠶᠠᠷ ᠤᠨ ᠮᠡᠳᠡᠭᠡ︕ ᠮᠠᠨ ᠤ ᠬᠤᠲᠠ ᠶᠢᠨ ᠰᠣᠩᠭᠤᠨ ᠬᠦᠷᠭᠡᠬᠦ ᠲᠥᠷᠥᠯ ᠵᠦᠢᠯ ᠨᠢ ᠰᠢᠯᠢ ᠶᠢᠨ ᠭᠤᠤᠯ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠳᠤ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2024/10/29
     10 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ᠰᠢᠯᠢ ᠶᠢᠨ ᠭᠤᠤᠯ ᠠᠶᠢᠮᠠᠭ ᠤᠨ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠤᠨ ᠤᠷᠤᠯᠳᠤᠭᠠᠨ ᠰᠢᠯᠢ ᠶᠢᠨ ᠬᠤᠲᠠ ᠳᠤ ᠶᠠᠪᠤᠭᠳᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠸᠧᠨ ᠽᠦᠩ ᠲᠤᠰ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠤᠷᠤᠯᠳᠤᠭᠠᠨ ᠳᠤ ᠣᠷᠣᠯᠴᠠᠭᠰᠠᠨ 22 ᠠᠩᠭᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠮ ᠱᠤᠭᠤᠮ ᠤᠨ ᠲᠣᠭᠯᠠᠯᠲᠠ ᠭᠠᠷᠭᠠᠵᠤ᠂ ᠤᠷᠤᠯᠳᠤᠭᠠᠨ ᠳᠤ ᠣᠷᠣᠯᠴᠠᠭᠰᠠᠳ ᠲᠣᠰ ᠤᠳᠠᠭᠠᠨ ᠤ ᠤᠷᠤᠯᠳᠤᠭᠠᠨ ᠤ ᠭᠤᠣᠯ ᠰᠡᠳᠦᠪᠲᠦ ︽ᠪᠣᠯᠪᠠᠰᠤᠨ ᠤ ᠦᠢᠯᠡᠳᠦᠯᠭᠡ ᠳᠤ ᠪᠢ ᠣᠷᠣᠯᠴᠠᠭᠴᠢ︾ ᠲᠠᠢ ᠨᠢᠭᠲᠠ ᠤᠶᠠᠯᠳᠤᠭᠤᠯᠤᠨ᠂ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠪᠠᠶᠢᠳᠠᠯ ᠢ ᠰᠡᠷᠭᠦᠭᠡᠬᠦ᠂ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠰᠣᠨᠢᠷᠬᠠᠭᠴᠢᠳ ᠲᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠠᠮᠢᠶ᠎ᠠ ᠪᠦᠬᠦᠢ ᠲᠤᠷᠰᠢᠯᠭ᠎ᠠ ᠶᠢ ᠳᠡᠯᠭᠡᠨ ᠦᠵᠡᠭᠦᠯᠪᠡ᠃ ᠵᠠᠮ ᠤᠨ ᠲᠣᠭᠯᠠᠯᠲᠠ ᠶᠢᠨ ᠠᠭᠤᠯᠭ᠎ᠠ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠣᠨᠴᠠᠭᠠᠶ ᠬᠥᠮᠦᠰ ᠢ ᠬᠠᠯᠠᠮᠵᠢᠯᠠᠬᠤ᠂ ᠵᠠᠩ ᠳᠠᠳᠬᠠᠯ ᠢ ᠥᠭᠡᠷᠡᠴᠢᠯᠡᠬᠦ᠂ ᠬᠠᠮᠲᠤ ᠪᠠᠷ ᠪᠠᠶᠠᠵᠢᠬᠤ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠤᠯᠠᠨ ᠦᠢᠯᠡᠴᠢᠯᠡᠭᠡᠨ ᠤ ᠬᠦᠷᠢᠶ᠎ᠡ ᠶᠢ ᠬᠠᠮᠤᠷᠴᠤ᠂ ᠰᠢᠯᠭᠠᠷᠠᠭᠤᠯᠬᠤ ᠺᠣᠮᠢᠰ ᠤᠨ ᠭᠡᠰᠢᠭᠦᠨ ᠲᠦᠷᠦᠯ ᠵᠦᠢᠯ ᠤᠨ ᠦᠢᠯᠡᠴᠢᠯᠡᠭᠡᠨ ᠤ ᠠᠭᠤᠯᠭ᠎ᠠ᠂ ᠠᠵᠢᠯᠯᠠᠭᠠᠨ ᠤ ᠵᠠᠭᠪᠤᠷ᠂ ᠪᠦᠯᠬᠦᠮ ᠨᠡᠶᠢᠲᠡ᠂ ᠲᠦᠷᠦᠯ ᠵᠦᠢᠯ ᠤᠨ ᠦᠷ᠎ᠡ ᠪᠦᠲᠦᠭᠡᠯ ᠵᠢᠴᠢ ᠨᠡᠶᠢᠭᠡᠮ ᠤᠨ ᠨᠥᠯᠥᠭᠡᠯᠡᠬᠦ ᠬᠦᠴᠦᠨ ᠵᠡᠷᠭᠡ ᠲᠠᠯ᠎ᠠ ᠶᠢ ᠦᠨᠳᠦᠰᠦᠯᠡᠨ ᠶᠡᠷᠦᠩᠬᠡᠶᠢᠯᠡᠨ ᠬᠤᠪᠢ ᠣᠯᠭᠤᠬᠤ ᠶᠢᠨ ᠬᠠᠮᠲᠤ ᠲᠦᠷᠦᠯ ᠵᠦᠢᠯ ᠤᠨ ᠪᠣᠯᠤᠮᠵᠢᠲᠤ ᠴᠢᠨᠠᠷ᠂ ᠦᠷᠭᠦᠯᠵᠢᠯᠡᠬᠦ ᠴᠢᠨᠠᠷ᠂ ᠰᠢᠨ᠎ᠡ ᠶᠢ ᠡᠭᠦᠳᠬᠦ ᠴᠢᠨᠠᠷ ᠵᠢᠴᠢ ᠨᠡᠶᠢᠭᠡᠮ ᠤᠨ ᠨᠥᠯᠥᠭᠡᠯᠡᠬᠦ ᠬᠦᠴᠦᠨ ᠵᠡᠷᠭᠡ ᠲᠠᠯ᠎ᠠ ᠳᠤ ᠴᠢᠭᠯᠡᠭᠦᠯᠦᠨ ᠦᠨᠡᠯᠡᠯᠲᠡ ᠬᠢᠪᠡ᠃ ᠤᠷᠤᠯᠳᠤᠭᠠᠨ ᠳᠤ ᠣᠷᠣᠯᠴᠠᠭᠰᠠᠳ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠳᠡᠳ᠋ ᠡᠷᠬᠢᠯᠡᠭᠴᠢ ᠰᠠᠷᠠᠨ᠎ᠠ ᠬᠡᠯᠡᠬᠦ ᠳᠡᠭᠡᠨ᠄ ︽ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠨᠢ ᠨᠠᠮᠠᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ ᠰᠢᠨ᠎ᠡ ᠲᠠᠨᠢᠯᠲᠠ ᠲᠠᠢ ᠪᠣᠯᠭᠠᠬᠤ ᠶᠢᠨ ᠬᠠᠮᠲᠤ᠂ ᠡᠨᠡ ᠬᠦ ᠲᠣᠬᠢᠶᠠᠯ ᠢ ᠠᠰᠢᠭᠯᠠᠨ ᠪᠤᠰᠤᠳ ᠰᠢᠯᠢᠳᠡᠭ ᠰᠢᠨ᠎ᠡ ᠴᠠᠭ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡ ᠶᠢᠨ ᠠᠵᠢᠯᠲᠠᠨ ᠠᠴᠠ ᠰᠣᠯᠢᠯᠴᠠᠨ ᠰᠤᠷᠤᠯᠴᠠᠵᠤ ᠪᠣᠯᠤᠨ᠎ᠠ︾ ᠭᠡᠪᠡ᠃
     ᠪᠥᠬᠦ ᠬᠤᠰᠢᠭᠤᠨ ᠤ ᠰᠣᠩᠭᠤᠨ ᠬᠦᠷᠭᠡᠭᠰᠡᠨ ︽ᠨᠢᠭᠡ ᠳᠣᠯᠣᠭᠠᠢ ᠬᠤᠨᠢ︾ ᠶᠢᠨ ᠰᠤᠷᠤᠯᠭ᠎ᠠ ᠶᠢ ᠲᠡᠳᠬᠦᠬᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠨᠢ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠰᠣᠩᠭᠤᠨ ᠬᠦᠷᠭᠡᠭᠰᠡᠨ ᠰᠢᠯᠢ ᠶᠢᠨ ᠭᠤᠤᠯ ᠠᠶᠢᠮᠠᠭ ᠤᠨ ᠬᠠᠯᠠᠭᠤᠨ ᠳᠤᠯᠠᠭᠠᠨ ᠥᠷᠲᠡᠭᠡᠨ ᠤ ᠬᠡᠷ ᠪᠦᠯᠢ ᠶᠢᠨ ᠰᠤᠷᠭᠠᠨ ᠬᠥᠮᠦᠵᠢᠯ ᠤᠨ ᠭᠠᠷᠠᠭ ᠤᠨ ᠡᠳᠦᠷ ᠤᠨ ᠬᠢᠴᠢᠶᠡᠯ ᠤᠨ ᠲᠠᠩᠬᠢᠮ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠪᠠ ᠲᠠᠶᠢᠹᠤᠰᠧ ᠬᠤᠰᠢᠭᠤᠨ ᠤ ᠰᠣᠩᠭᠤᠨ ᠬᠦᠷᠭᠡᠭᠰᠡᠨ ᠦ᠋ ᠹᠦ᠋ ︽ᠯᠢᠨ︾  ᠮᠧᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠨᠢ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠡᠷᠢᠶᠡᠨ ᠬᠤᠲᠠ ᠶᠢᠨ ᠰᠣᠩᠭᠤᠨ ᠬᠦᠷᠭᠡᠭᠰᠡᠨ ᠲᠠᠷᠢᠶᠠᠯᠠᠩ ᠤᠨ ᠶᠠᠭᠠᠷᠠᠤ ᠦᠶ᠎ᠡ ᠶᠢᠨ ᠬᠤᠭᠤᠯᠠᠨ ᠬᠡᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠪᠠ ᠵᠡᠭᠦᠨ ᠦᠵᠦᠮᠦᠴᠢᠨ ᠬᠤᠰᠢᠭᠤᠨ ᠤ ︽ᠰᠠᠯᠠᠭ᠎ᠠ︾ ᠶᠢᠨ ᠰᠢᠨᠵᠢᠯᠡᠬᠦ ᠤᠬᠠᠭᠠᠨᠴᠢ ᠬᠦᠰᠡᠯ ᠵᠡᠭᠦᠳᠦ ᠶᠢ ᠲᠡᠷᠭᠡᠯᠰᠢᠭᠦᠯᠬᠦ ᠨᠢ ᠭᠤᠷᠪᠠᠳᠣᠭᠠᠷ ᠳᠡᠰ ᠤᠨ ᠱᠠᠩᠨᠠᠯ ᠬᠦᠷᠳᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号