ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ 2 ᠳ᠋ᠤᠭᠠᠷ ᠬᠤᠭᠤᠴᠠᠭᠠᠨ ᠤ ᠪᠣᠭᠤᠮᠲᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ ᠤᠨ ᠲᠤᠰᠬᠠᠢ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2024/10/29
    10 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ 2 ᠳ᠋ᠤᠭᠠᠷ ᠬᠤᠭᠤᠴᠠᠭᠠᠨ ᠤ ᠪᠣᠭᠤᠮᠲᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ ᠤᠨ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃     ᠲᠣᠰ ᠤᠳᠠᠭᠠᠨ ᠤ ᠶᠠᠷᠢᠶᠠᠨ ᠤ ᠲᠠᠩᠬᠢᠮ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠴᠢᠶᠠᠩ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠢᠯᠡᠳᠦᠯᠭᠡ ᠬᠢᠭᠡᠳ ᠭᠦᠢᠴᠡᠳᠭᠡᠯ ᠲᠤᠭ᠎ᠠ ᠶᠢᠨ ᠰᠢᠰᠲ᠋ᠧᠮ ᠤᠨ ᠲᠠᠶᠢᠯᠤᠮᠵᠢ︾ ᠶᠢᠨ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠪᠡ᠃ ᠬᠤᠷᠠᠯ ᠳᠡᠭᠡᠷ᠎ᠡ᠂ ᠮᠠ ᠬᠠᠢ ᠲᠤᠤ᠂ ᠵᠠᠩ ᠶᠢᠩ ᠵᠢᠶᠧ᠂ ᠰᠢᠶᠤᠤ ᠵᠢᠶᠠᠨ ᠵᠢᠶᠦ᠋ᠨ ᠵᠡᠷᠭᠡ ᠬᠤᠳᠠ ᠶᠢᠨ ᠤᠳᠤᠷᠢᠳᠤᠯᠭ᠎ᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠬᠦᠷᠦᠯᠴᠡᠬᠦ ᠥᠬᠡᠶ ᠲᠠᠯ᠎ᠠ ᠶᠢ ᠬᠠᠷᠢᠴᠠᠭᠤᠯᠤᠨ ᠲᠤᠩᠭᠠᠵᠤ᠂ ᠵᠥᠪ ᠣᠨᠣᠪᠴᠢᠲᠠᠶ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠣᠶ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠶᠡᠷᠦᠩᠬᠡᠶᠢᠯᠡᠨ ᠦᠨᠡᠯᠡᠬᠦ ᠱᠠᠭᠠᠷᠳᠠᠯᠭ᠎ᠠ ᠶᠣᠰᠣᠭᠠᠷ᠂ ᠰᠢᠯᠭᠠᠨ ᠦᠨᠡᠯᠡᠬᠦ ᠠᠵᠢᠯ ᠢ ᠪᠣᠳᠠᠲᠠᠶ ᠨᠠᠷᠢᠯᠢᠭ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠠᠯ᠎ᠠ ᠪᠠᠷ ᠬᠢ ᠳᠤᠲᠠᠭᠤᠳᠠᠯ ᠪᠠᠭᠤᠷᠠᠶ ᠲᠠᠯ᠎ᠠ ᠶᠢ ᠲᠦᠷᠭᠡᠨ ᠨᠥᠬᠦᠪᠥᠷᠢᠯᠡᠵᠦ᠂ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠡᠷᠬᠡ ᠲᠡᠭᠰᠢ ᠲᠥᠪ ᠭᠤᠤᠯᠴᠢ ᠬᠠᠤᠯᠢᠵᠢᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ︽ᠭᠠᠳᠠᠭᠰᠢ ᠭᠠᠷᠬᠤ︾᠂ ︽ᠤᠷᠢᠵᠤ ᠠᠪᠴᠢᠷᠠᠬᠤ︾ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠤᠢᠢᠯᠠᠭᠠᠨ ᠡᠵᠡᠮᠰᠢᠵᠦ᠂ ᠡᠷᠢᠶᠡᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠰᠡᠳᠬᠢᠴᠡ᠂ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠰᠠᠭᠤᠷᠢ ᠶᠢ ᠲᠠᠯᠪᠢᠬᠤ᠂ ᠠᠯᠤᠰ ᠬᠡᠳᠦ ᠳᠤ ᠠᠰᠢᠭᠲᠠᠢ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠬᠡᠷᠡᠭᠲᠡᠢ᠃ ᠬᠥᠭᠵᠢᠯᠲᠡ ᠶᠢ ᠶᠡᠬᠡᠪᠡᠷ ᠠᠳᠬᠤᠬᠤ᠂ ᠬᠥᠭᠵᠢᠯᠲᠡ ᠶᠢ ᠲᠦᠷᠭᠡᠳᠬᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠮᠠᠨ ᠤ ᠬᠤᠳᠠ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠣᠯᠤᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠭᠡ ᠬᠡᠮᠵᠢᠶᠡᠨ ᠤ ᠲᠠᠸᠠᠷ ᠤᠨ ᠬᠡᠪᠴᠢᠶ᠎ᠡ ᠶᠢ ᠴᠢᠨᠠᠭᠰᠢᠳᠠ ᠪᠤᠵᠠᠭᠠᠶᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠭᠤᠮᠲᠠ ᠶᠢᠨ ᠨᠥᠯᠥᠭᠡᠯᠡᠬᠦ ᠬᠦᠴᠦᠨ᠂ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号