【 ᠨᠠᠮ ᠤᠨ ᠬᠤᠷᠢᠳᠤᠭᠠᠷ ᠬᠤᠭᠤᠴᠠᠭᠠᠨ ᠤ ᠲᠥᠪ  ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠱᠢᠯᠠᠭᠤᠯᠤᠨ᠎ᠠ 】 ᠮᠠ ᠬᠠᠢ ᠲᠤᠤ ᠭᠡᠷᠡᠯᠳᠦᠠᠣᠳᠦ ᠰᠤᠮᠤᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/10/29
    ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ 10 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠭᠡᠷᠡᠯᠳᠦᠠᠣᠳᠦ ᠰᠤᠮᠤᠨ ᠳᠤ ᠰᠤᠮᠤᠨ ᠤ ᠺᠠᠳ᠋ᠷ ᠠᠵᠢᠯᠲᠠᠨ ᠠᠵᠢᠯᠴᠢᠨ᠂ ᠭᠠᠴᠠᠭᠠᠨ ᠤ ︽ᠬᠤᠶᠠᠷ ᠵᠥᠪᠯᠡᠯ︾᠂ ᠨᠢᠭᠡᠳᠦᠭᠡᠷ ᠱᠦᠵᠢ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠮᠠ ᠬᠠᠢ ᠲᠤᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠶᠢ ᠣᠨᠣᠪᠴᠢᠲᠠᠢ ᠣᠶᠢᠯᠠᠭᠠᠬᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ ᠭᠦᠨᠵᠡᠭᠡᠢ ᠡᠵᠡᠮᠳᠡᠬᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠢᠶᠡᠨ ᠬᠤᠳᠠ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠵᠡᠷᠭᠡ ᠲᠠᠯ᠎ᠠ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠲᠠᠶᠢᠯᠤᠮᠵᠢ ᠬᠢᠭᠰᠡᠨ ᠪᠥᠭᠡᠳ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ ᠦᠨᠳᠦᠰᠦᠨ ᠱᠠᠲᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠲᠤᠬᠠᠢ ᠰᠠᠨᠠᠯ ᠢᠶᠠᠨ ᠰᠣᠯᠢᠯᠴᠠᠪᠠ᠃      ᠮᠠ ᠬᠠᠶ ᠲᠤᠤ ᠬᠡᠯᠡᠬᠦ ᠳᠡᠭᠡᠨ᠂ ᠰᠤᠮᠤ ︵ᠭᠠᠴᠠᠭ᠎ᠠ︶ ᠪᠣᠯ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠲᠠᠷᠢᠶᠠᠨ ᠭᠠᠵᠠᠷ ᠬᠦᠷᠴᠦ᠂ ᠣᠯᠠᠨ ᠲᠦᠮᠡᠨ ᠤ ᠳᠡᠷᠭᠡᠳᠡ ᠣᠴᠢᠬᠤ ︽ᠡᠴᠦᠰ ᠤᠨ ᠨᠢᠭᠡ ᠺᠢᠯᠣᠮᠧᠲᠷ︾ ᠮᠥᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠵᠤ᠂ ᠦᠨᠳᠦᠰᠦᠲᠡᠨ ᠨᠦᠭᠦᠳ ᠤᠨ ᠬᠠᠷᠢᠯᠴᠠᠨ ᠠᠭᠤᠰᠤᠯᠴᠠᠭᠰᠠᠨ ᠨᠡᠶᠢᠭᠡᠮ ᠤᠨ ᠪᠦᠲᠦᠴᠡ ᠶᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠶ ᠭᠡᠵᠡᠶ᠃ ᠤᠷᠢᠳᠴᠢᠯᠠᠨ ᠲᠥᠯᠥᠪᠵᠢᠭᠦᠯᠵᠦ᠂ ᠡᠷᠲᠡ ᠠᠴᠠ ᠪᠡᠯᠡᠳᠬᠡᠵᠦ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠮᠠᠯᠴᠢᠳ ᠢ ᠲᠠᠶᠢᠴᠢᠯᠠᠨ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢ ᠨᠢ ᠬᠤᠪᠢᠷᠠᠭᠤᠯᠵᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠵᠦ᠂ ᠮᠠᠯ ᠤᠨ ᠲᠤᠭ᠎ᠠ ᠬᠡᠮᠵᠢᠶ᠎ᠡ ᠶᠢ ᠬᠢᠵᠠᠭᠠᠷᠯᠠᠵᠤ᠂ ᠬᠠᠤᠯᠢ ᠲᠣᠭᠲᠠᠭᠠᠯ ᠶᠣᠰᠣᠭᠠᠷ ᠰᠠᠨᠠᠭᠠᠴᠢᠯᠠᠭ᠎ᠠ ᠠᠴᠠ ᠪᠠᠨ ᠪᠡᠯᠴᠢᠭᠡᠷᠯᠡᠭᠦᠯᠬᠦ ᠶᠢ ᠵᠣᠭᠰᠣᠭᠠᠵᠤ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠣᠯᠠᠨ ᠵᠦᠢᠯ ᠤᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠡᠵᠡᠩᠨᠡᠯᠲᠡ ᠳᠤ ᠣᠷᠣᠯᠴᠠᠬᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠨᠠᠶᠢᠳᠠᠯᠭ᠎ᠠ ᠪᠠᠷ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠯᠢ ᠶᠢᠨ ᠠᠷᠠᠳ ᠢ ᠵᠣᠬᠢᠶᠠᠨ ᠪᠠᠶᠢᠭᠤᠯᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠳᠤ ᠣᠷᠣᠯᠴᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠᠰᠠ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ︾ ᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠪᠤᠷᠢ ᠣᠯᠭᠤᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠨᠡᠩ ᠤᠯᠠᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠡᠷᠡᠭᠵᠢᠭᠦᠯᠬᠦ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠪᠣᠳᠠᠲᠠᠢ ᠠᠵᠢᠯ ᠬᠢᠬᠦ ᠳᠡᠭᠡᠷ᠎ᠡ ᠬᠡᠷᠡᠭᠯᠡᠵᠦ᠂ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠪᠣᠯᠭᠠᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号