ᠡᠷᠢᠶᠡᠨ ᠬᠤᠲᠠ ᠶᠢᠨ ᠨᠢᠰᠬᠡᠯ ᠤᠨ ᠪᠠᠭᠤᠳᠠᠯ ᠠᠭᠠᠷ ᠤᠨ ᠪᠣᠭᠤᠮᠲᠠ ᠶᠢᠨ ᠰᠢᠯᠭᠠᠨ ᠠᠪᠤᠯᠲᠠ ᠶᠢ ᠥᠩᠭᠡᠷᠡᠭᠦᠯᠦᠭᠰᠡᠨ ᠤ ᠳᠠᠷᠠᠭ᠎ᠠ ᠠᠩᠬ᠎ᠠ ᠤᠳᠠᠭ᠎ᠠ ᠡᠭᠡᠯᠵᠢ ᠶᠢᠨ ᠨᠢᠰᠬᠡᠯ ᠤᠨ ᠤᠯᠠᠷᠢᠯ ᠢ ᠰᠣᠯᠢᠪᠠ
ᠨᠡᠶᠢᠲᠡᠯᠡᠭᠰᠡᠨ ᠴᠠᠭ᠄
2024/10/31
       10 ᠰᠠᠷ᠎ᠠ ᠶᠢᠨ 27 ᠤ ᠡᠳᠦᠷ᠂ 174 ᠠᠶᠠᠨᠴᠢᠳ ᠤᠨ ᠪᠡᠭᠡᠵᠢᠩ ᠳᠤ ᠬᠦᠷᠬᠦ JD 5222 ᠡᠭᠡᠯᠵᠢ ᠶᠢᠨ ᠨᠢᠰᠭᠡᠯ ᠨᠢᠰᠬᠦ ᠶᠢ ᠳᠠᠭᠠᠯᠳᠤᠨ᠂ ᠡᠷᠢᠶᠡᠨ ᠬᠤᠲᠠ ᠶᠢᠨ ᠨᠢᠰᠭᠡᠯ ᠤᠨ ᠪᠠᠭᠤᠳᠠᠯ ᠵᠢᠩᠬᠢᠨᠢ ᠪᠠᠷ ᠠᠷᠠᠳ ᠤᠨ ᠠᠭᠠᠷ ᠤᠨ ᠠᠶᠠᠯᠠᠯ ᠤᠨ 2024 / 25 ᠡᠪᠦᠯ ᠬᠠᠪᠤᠷ ᠤᠨ ᠠᠶᠠᠯᠠᠯ ᠤᠨ ᠤᠯᠠᠷᠢᠯ ᠳᠤ ᠣᠷᠣᠪᠠ᠃ ᠡᠨᠡ ᠪᠣᠯ ᠤᠯᠤᠰ ᠤᠨ ᠪᠣᠭᠤᠮᠲᠠ ᠶᠢᠨ ᠠᠯᠪᠠᠨ ᠬᠡᠷ ᠡᠷᠢᠶᠡᠨ ᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ ᠶᠢᠨ ᠭᠠᠳᠠᠭᠰᠢ ᠨᠡᠭᠡᠭᠡᠯᠲᠡ ᠬᠢᠬᠦ ᠶᠢ ᠵᠥᠪᠰᠢᠶᠡᠷᠡᠭᠰᠡᠨ ᠤ ᠳᠠᠷᠠᠭ᠎ᠠ᠂ ᠨᠢᠰᠬᠡᠯ ᠤᠨ ᠪᠠᠭᠤᠳᠠᠯ ᠤᠨ ᠤᠭᠲᠤᠨ ᠠᠪᠴᠢᠷᠠᠭᠰᠠᠨ ᠠᠩᠬᠠᠳᠠᠭᠴᠢ ᠤᠯᠤᠰ ᠤᠨ ᠳᠣᠲᠣᠭᠠᠳᠤ ᠶᠢᠨ ᠡᠭᠡᠯᠵᠢ ᠶᠢᠨ ᠨᠢᠰᠬᠡᠯ ᠪᠣᠯᠤᠨ᠎ᠠ᠃
  ᠣᠳᠣᠬᠠᠨ ᠳᠤ᠂ ᠡᠷᠢᠶᠡᠨ ᠬᠤᠲᠠ ᠶᠢᠨ ᠨᠢᠰᠬᠡᠯ ᠤᠨ ᠪᠠᠭᠤᠳᠠᠯ ᠤᠯᠤᠰ ᠤᠨ ᠳᠣᠲᠣᠭᠠᠳᠤ ᠶᠢᠨ 6 ᠵᠤᠷᠪᠤᠰ ᠠᠶᠠᠯᠠᠯ ᠤᠨ ᠱᠤᠭᠤᠮ ᠢ ᠬᠡᠷᠡᠭᠵᠢᠭᠦᠯᠵᠦ᠂ ᠪᠡᠭᠡᠵᠢᠩ᠂ ᠬᠥᠬᠡᠬᠤᠲᠠ᠂ ᠰᠢᠯᠢᠩᠬᠤᠲᠠ᠂ ᠲᠦᠩᠯᠢᠶᠣᠤ᠂ ᠤᠯᠠᠭᠠᠨᠬᠠᠳᠠ ᠵᠡᠷᠭᠡ 7 ᠬᠤᠲᠠ ᠳᠤ ᠨᠡᠪᠲᠡᠷᠡᠵᠦ᠂ ᠡᠭᠦᠨ ᠳᠤ ᠰᠢᠨ᠎ᠡ ᠪᠠᠷ ᠨᠡᠭᠡᠭᠡᠭᠰᠡᠨ ᠣᠷᠳᠣᠰ᠂ ᠤᠯᠠᠭᠠᠨᠬᠤᠲᠠ 2 ᠰᠠᠯᠪᠤᠷᠢ ᠠᠭᠠᠷ ᠠᠶᠠᠯᠠᠯ ᠤᠨ ᠱᠤᠭᠤᠮ ᠤᠨ ᠬᠤᠲᠠ ᠳᠤ ᠪᠣᠶ᠃ ᠭᠠᠷᠠᠭ ᠪᠦᠷᠢ ᠶᠢᠨ ᠡᠭᠡᠯᠵᠢ ᠶᠢᠨ ᠨᠢᠰᠬᠡᠯ ᠤᠨ ᠨᠢᠰᠴᠦ ᠪᠠᠭᠤᠬᠤ ᠲᠥᠯᠥᠪᠯᠡᠭᠡ 128 ᠪᠣᠯᠵᠤ᠂ ᠠᠳᠠᠯᠢ ᠬᠤᠭᠤᠴᠠᠭᠠᠨ ᠤ ᠬᠢ ᠠᠴᠠ 32 ᠨᠡᠮᠡᠭᠳᠡᠭᠰᠡᠨ ᠪᠠᠶᠢᠨ᠎ᠠ᠃ ᠪᠡᠭᠡᠵᠢᠩ᠂ ᠬᠥᠬᠡᠬᠤᠲᠠ ᠵᠢᠴᠢ ᠰᠢᠯᠢᠩᠬᠤᠲᠠ ᠵᠡᠷᠭᠡ ᠭᠠᠵᠠᠷ ᠲᠤ ᠬᠦᠷᠬᠦ ᠡᠭᠡᠯᠵᠢ ᠶᠢᠨ ᠨᠢᠰᠬᠡᠯ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠴᠠᠭ ᠨᠢ ᠬᠤᠶᠠᠷ ᠭᠠᠵᠠᠷ ᠤᠨ ᠠᠯᠪᠠᠨ ᠤ ᠬᠤᠳᠠᠯᠳᠤᠭᠠᠨ ᠤ ᠤᠷᠤᠰᠬᠠᠯ᠂ ᠲᠥᠷᠥᠯ ᠰᠠᠳᠤᠨ ᠢᠶᠠᠨ ᠡᠷᠭᠢᠵᠦ ᠦᠵᠡᠬᠦ ᠳᠤ ᠨᠡᠩ ᠢᠯᠡᠭᠦᠦ ᠱᠠᠭᠠᠷᠳᠠᠭᠳᠠᠨ᠎ᠠ᠃
   ᠤᠯᠠᠷᠢᠯ ᠰᠣᠯᠢᠭᠰᠠᠨ ᠤ ᠳᠠᠷᠠᠭ᠎ᠠ᠂ ᠡᠷᠢᠶᠡᠨ ᠬᠤᠲᠠ ᠶᠢᠨ ᠨᠢᠰᠬᠡᠯ ᠤᠨ ᠪᠠᠭᠤᠳᠠᠯ ᠠᠴᠠ ᠪᠡᠭᠡᠵᠢᠩ ᠤᠨ ᠳ᠋ᠠ ᠰᠢᠩ᠂ ᠬᠥᠬᠡᠬᠤᠲᠠ ᠶᠢᠨ ᠭᠤᠣᠯ ᠱᠤᠭᠤᠮ ᠤᠨ ᠡᠭᠡᠯᠵᠢ ᠶᠢᠨ ᠨᠢᠰᠬᠡᠯ ᠳᠤ ᠨᠡᠪᠲᠡᠷᠡᠬᠦ ᠠᠴᠠ ᠭᠠᠳᠠᠨ᠎ᠠ᠂ ᠪᠤᠰᠤᠳ ᠠᠶᠠᠯᠠᠯ ᠤᠨ ᠱᠤᠭᠤᠮ ᠨᠢ ᠴᠥᠮ ︽ᠰᠠᠯᠪᠤᠷᠢ ᠰᠠᠯᠪᠤᠷᠢ ᠨᠡᠪᠲᠡᠷᠡᠬᠦ︾ ᠬᠡᠪᠴᠢᠶᠡᠨ ᠳᠤ ᠤᠷᠤᠭᠰᠢᠲᠠᠶ ᠣᠷᠣᠵᠤ᠂ ᠵᠣᠬᠢᠴᠠᠩᠭᠤᠶ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠪᠡ᠃ ᠨᠢᠰᠬᠡᠯ ᠤᠨ ᠪᠠᠭᠤᠳᠠᠯ ᠤᠨ ᠰᠠᠯᠪᠤᠷᠢ ᠰᠠᠯᠪᠤᠷᠢ ᠵᠠᠮ ᠱᠤᠭᠤᠮ ᠤᠨ ᠡᠵᠡᠯᠡᠬᠦ ᠬᠠᠷᠢᠴᠠᠯ ᠨᠢ 71.4% ᠲᠤ ᠬᠦᠷᠴᠦ᠂ ᠣᠷᠣᠨ ᠨᠤᠲᠤᠭ ᠤᠨ ᠬᠢᠨ ᠨᠥᠬᠦᠪᠥᠷᠢ ᠪᠡᠯᠡ ᠮᠥᠩᠭᠦ ᠶᠢ ᠢᠯᠡᠭᠦᠴᠡ ᠨᠡᠮᠡᠭᠳᠡᠭᠦᠯᠬᠦ ᠦᠭᠡᠶ ᠪᠠᠶᠢᠬᠤ ᠶᠢ ᠠᠬᠢᠭᠤᠯᠤᠭᠰᠠᠨ ᠤᠷᠢᠲᠠᠯ ᠳᠣᠤᠷ᠎ᠠ᠂ ᠤᠯᠤᠰ ᠤᠨ ᠳᠣᠲᠣᠭᠠᠳᠤ ᠶᠢᠨ ᠠᠭᠠᠷ ᠠᠶᠠᠯᠠᠯ ᠤᠨ ᠬᠡᠪᠴᠢᠶ᠎ᠡ ᠲᠣᠭᠲᠠᠭᠤᠨ ᠪᠥᠭᠡᠳ ᠵᠣᠬᠢᠰᠲᠠᠶ ᠬᠥᠭᠵᠢᠪᠡ᠃
  ᠡᠷᠢᠶᠡᠨ ᠬᠤᠲᠠ ᠶᠢᠨ ᠨᠢᠰᠬᠡᠯ ᠤᠨ ᠪᠠᠭᠤᠳᠠᠯ ᠤᠨ ᠠᠵᠢᠯᠲᠠᠨ ᠯᠢ ᠪᠢᠩ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠡᠷᠢᠶᠡᠨ ᠬᠤᠲᠠ ᠶᠢᠨ ᠨᠢᠰᠬᠡᠯ ᠤᠨ ᠪᠠᠭᠤᠳᠠᠯ ᠤᠯᠠᠷᠢᠯ ᠰᠣᠯᠢᠭᠰᠠᠨ ᠤ ᠳᠠᠷᠠᠭᠠᠬᠢ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠱᠤᠭᠤᠮ ᠤᠨ ᠡᠵᠡᠩᠨᠡᠯᠲᠡ ᠶᠢ ᠲᠣᠭᠲᠠᠭᠤᠨ ᠪᠠᠶᠢᠯᠭᠠᠬᠤ ᠶᠢᠨ ᠬᠠᠮᠲᠤ᠂ ᠠᠭᠠᠷ ᠤᠨ ᠠᠶᠠᠯᠠᠯ ᠤᠨ ᠪᠣᠭᠤᠮᠲᠠ ᠶᠢ ᠨᠡᠭᠡᠭᠡᠯᠲᠡ ᠬᠢᠭᠰᠡᠨ ᠤ ᠳᠠᠷᠠᠭᠠᠬᠢ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠲᠠᠰ ᠳᠡᠪᠰᠢᠭᠦᠯᠬᠦ ᠪᠠ ᠮᠣᠩᠭᠤᠯ ᠣᠷᠣᠰ ᠤᠨ ᠠᠭᠠᠷ ᠤᠨ ᠠᠶᠠᠯᠠᠯ ᠤᠨ ᠱᠤᠭᠤᠮ ᠤᠨ ᠲᠥᠯᠥᠪᠵᠢᠭᠦᠯᠭᠡ ᠳᠤ ᠭᠤᠤᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ 2025 ᠣᠨ ᠤ ᠬᠤᠶᠠᠳᠤᠭᠠᠷ ᠤᠯᠠᠷᠢᠯ ᠠᠴᠠ ᠡᠮᠦᠨ᠎ᠡ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠰᠡᠷᠭᠦᠭᠡᠨ ᠨᠡᠪᠲᠡᠷᠡᠭᠦᠯᠵᠦ᠂ ︿ᠤᠯᠤᠰ ᠤᠨ ᠳᠣᠲᠣᠭᠠᠳᠤ + ᠣᠯᠠᠨ ᠤᠯᠤᠰ ᠤᠨ﹀ ᠠᠭᠠᠷ ᠤᠨ ᠠᠶᠠᠯᠠᠯ ᠤᠨ ᠱᠤᠭᠤᠮ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠡᠳᠬᠢᠮᠵᠢ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠠᠭᠠᠷ ᠤᠨ ᠠᠶᠠᠯᠠᠯ ᠤᠨ ᠬᠥᠳᠡᠯᠭᠡᠭᠦᠷ ᠬᠥᠳᠡᠯᠭᠡᠬᠦ ᠬᠦᠴᠦᠨ ᠢ ᠳᠠᠬᠢᠨᠲᠠ ᠨᠡᠮᠡᠬᠦ︾ ᠪᠠᠷ ᠴᠢᠷᠮᠠᠶᠢᠨ᠎ᠠ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号