ᠬᠤᠲᠠ ᠶᠢᠨ ᠤᠳᠤᠷᠢᠳᠤᠯᠭ᠎ᠠ ᠣᠷᠣᠰ ᠤᠨ ᠢᠷᠺᠦ᠋ᠼᠺ ᠵᠧᠦ ᠶᠢᠨ ᠳᠠᠷᠤᠭ᠎ᠠ ᠵᠥᠪᠯᠡᠭᠴᠢ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/10/31
       10 ᠰᠠᠷ᠎ᠠ ᠶᠢᠨ 29 ᠤ ᠡᠳᠦᠷ᠂ ᠬᠤᠳᠠ ᠶᠢᠨ ᠤᠳᠤᠷᠢᠳᠤᠯᠭ᠎ᠠ ᠤᠷᠤᠰ ᠤᠨ ᠢᠷᠺᠦ᠋ᠼᠺ ᠵᠸᠤ ᠶᠢᠨ ᠳᠠᠷᠤᠭ᠎ᠠ ᠵᠥᠪᠯᠡᠭᠴᠢ ᠬᠤᠷᠲ᠋ᠤᠹ᠂ ᠫᠠᠸ᠋ᠯᠤᠸᠢᠴ ᠠᠨᠳᠦᠩ ᠲᠠᠢ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠰᠢᠩᠭᠡᠨᠵᠢᠮᠡᠯ ᠴᠢᠯᠠᠭᠤᠨ ᠲᠤᠰᠤ ᠰᠢᠲᠠᠮᠠᠬᠠᠢ ᠬᠡᠢ ᠶᠢᠨ ᠶᠠᠪᠤᠳᠠᠯ ᠤᠨ ᠲᠣᠭᠤᠷᠢᠨ ᠳᠤ ᠶᠠᠷᠢᠯᠴᠠᠬᠤ ᠬᠤᠷᠠᠯ ᠬᠢᠪᠡ᠃
    ᠬᠤᠶᠠᠷ ᠲᠠᠯ᠎ᠠ ᠪᠠᠷ ᠢᠶᠠᠨ ᠡᠷᠢᠶᠡᠨ ᠬᠤᠳᠠ ᠶᠢᠨ ᠪᠣᠭᠤᠮᠲᠠ ᠶᠢᠨ ᠲᠦᠷᠦ ᠶᠢᠨ ᠪᠤᠳᠤᠯᠭ᠎ᠠ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠵᠡᠷᠭᠡ ᠤᠯᠠᠨ ᠳᠠᠪᠠᠭᠤᠯᠢᠭ ᠲᠠᠢ᠂ ᠢᠷᠺᠦ᠋ᠼᠺ ᠴᠢᠯᠠᠭᠤᠨ ᠲᠤᠰᠤᠨ ᠤ ᠺᠣᠮᠫᠠᠨᠢ ᠰᠢᠪᠧᠷᠢᠶ᠎ᠠ ᠳᠤ ᠪᠠᠶᠢᠷᠢᠯᠠᠵᠤ᠂ ᠠᠭᠤᠷᠬᠠᠢ ᠶᠢᠨ ᠡᠬᠢ ᠪᠠᠶᠠᠯᠢᠭ ᠡᠯᠪᠡᠭ ᠪᠠᠶᠢᠨ᠎ᠠ᠃ ᠬᠤᠶᠠᠷ ᠭᠠᠵᠠᠷ ᠤᠨ ᠬᠢᠨ ᠰᠢᠩᠭᠡᠨᠵᠢᠮᠡᠯ ᠴᠢᠯᠠᠭᠤᠨ ᠲᠤᠰᠤ ᠰᠢᠲᠠᠮᠠᠬᠠᠢ ᠬᠡᠢ ᠶᠢᠨ ᠲᠤᠬᠠᠢ ᠬᠠᠮᠲᠤᠷᠠᠯᠴᠠᠭ᠎ᠠ ᠥᠷᠨᠢᠭᠦᠯᠵᠦ᠂ ᠤᠷᠳᠤ ᠤᠳᠠᠭᠠᠨ᠂ ᠲᠣᠭᠲᠠᠭᠤᠨ ᠬᠠᠷᠢᠴᠠᠭ᠎ᠠ ᠪᠠᠶᠢᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠪᠤᠰᠤᠳ ᠴᠡᠪᠡᠷ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠡᠷᠢᠶᠡᠨ ᠬᠤᠳᠠ᠂ ᠢᠷᠺᠦ᠋ᠼᠺ ᠬᠤᠶᠠᠷ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠨᠡᠩ ᠰᠠᠶᠢᠲᠤᠷ ᠴᠤᠤᠷᠢᠶᠠᠲᠤᠨ ᠳᠠᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠡᠷᠢᠶᠡᠨ ᠬᠤᠲᠠ ᠶᠢᠨ ᠢ ᠯᠢ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠣᠷᠣᠰ ᠤᠨ ᠢᠷᠺᠦ᠋ᠼᠺ ᠴᠢᠯᠠᠭᠤᠨ ᠲᠣᠰᠣᠨ ᠤ ᠺᠣᠮᠫᠠᠨᠢ ᠲᠠᠢ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠲᠤᠬᠠᠶ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号