【 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ 】 ᠡᠷᠢᠶᠡᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠯᠢᠳᠡᠭ ᠰᠣᠷᠣᠭᠴᠢ ᠶᠢᠨ ᠲᠥᠯᠥᠭᠡᠯᠡᠭᠴᠢ ᠰᠥᠨᠢᠳ ᠪᠠᠷᠠᠭᠤᠨ ᠬᠤᠰᠢᠭᠤᠨ ᠳᠤ ᠢᠷᠡᠵᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/31
     ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠲᠤ ᠬᠤᠪᠢᠰᠬᠠᠯ ᠤᠨ ᠰᠣᠶᠣᠯ ᠢ ᠮᠡᠳᠡᠷᠡᠭᠦᠯᠵᠦ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠳᠣᠯᠠᠳᠠ᠂ 10 ᠰᠠᠷ᠎ᠠ ᠶᠢᠨ 27 ᠤ ᠡᠳᠦᠷ᠂ ᠬᠤᠲᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠯᠢᠳᠡᠭ ᠰᠣᠷᠣᠭᠴᠢ ᠶᠢᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠰᠥᠨᠢᠳ ᠪᠠᠷᠠᠭᠤᠨ ᠬᠤᠰᠢᠭᠤᠨ ᠳᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃      ᠰᠥᠨᠢᠳ ᠪᠠᠷᠠᠭᠤᠨ ᠬᠤᠰᠢᠭᠤᠨ ᠤ ᠰᠠᠩᠪᠤᠯᠠᠭ ᠰᠤᠮᠤᠨ ᠤ ᠪᠠᠶ᠋ᠬᠠᠭᠤᠯᠠ ᠭᠠᠴᠠᠭ᠎ᠠ ᠳᠤ᠂ ᠰᠤᠷᠤᠭᠴᠢᠳ ︽ᠤᠯᠠᠭᠠᠨ ᠪᠢᠴᠢᠭ︾ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠪᠡ᠃ ᠠᠵᠢᠯᠲᠠᠨ ᠤ ᠲᠠᠶᠢᠯᠤᠮᠵᠢ ᠶᠢ ᠰᠣᠨᠣᠰᠬᠤ᠂ ︽ᠤᠯᠠᠭᠠᠨ ᠪᠢᠴᠢᠭ ᠤᠨ ᠪᠣᠭᠴᠣ︾ ᠶᠢᠨ ᠤᠬᠠᠭᠤᠯᠭ᠎ᠠ ᠬᠥᠮᠦᠵᠢᠯ ᠤᠨ ᠹᠢᠯᠢᠮ ᠢ ᠦᠵᠡᠬᠦ᠂ ᠬᠤᠯᠪᠣᠭᠳᠠᠯ ᠪᠥᠬᠦᠶ ᠮᠠᠲ᠋ᠧᠷᠢᠶᠠᠯ ᠪᠣᠳᠠᠲᠤ ᠪᠣᠳᠠᠰ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠤᠯᠠᠭᠠᠨ ᠪᠢᠴᠢᠭ ᠤᠨ ᠪᠣᠭᠴᠣ︾ ᠶᠢᠨ ᠥᠯᠢᠭᠡᠷ ᠢ ᠣᠶᠢᠯᠠᠭᠠᠵᠤ᠂ ︽ᠤᠯᠠᠭᠠᠨ ᠪᠢᠴᠢᠭ ᠤᠨ ᠪᠣᠭᠴᠣ︾ ᠶᠢᠨ ᠬᠤᠪᠢᠰᠬᠠᠯ ᠤᠨ ᠭᠧᠨ ᠤ ᠠᠭᠤᠯᠤᠭᠳᠠᠬᠤᠨ ᠢ ᠭᠦᠨᠵᠡᠭᠡᠶ ᠤᠶᠢᠯᠠᠭᠠᠨ᠂ ︽ᠤᠯᠠᠭᠠᠨ ᠪᠢᠴᠢᠭ ᠤᠨ ᠪᠣᠭᠴᠣ︾ ᠳᠤ ᠠᠭᠤᠯᠤᠭᠳᠠᠵᠤ ᠪᠠᠶᠢᠭ᠎ᠠ ᠣᠶᠤᠨ ᠰᠠᠨᠠᠭᠠᠨ ᠤ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ ᠣᠶᠢᠯᠠᠭᠠᠪᠠ᠃      ︽ᠤᠯᠠᠭᠠᠨ ᠪᠢᠴᠢᠭ ᠤᠨ ᠪᠣᠭᠴᠣ︾ ᠶᠢᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠥᠪ ᠲᠤ᠂ ᠤᠯᠠᠨ ᠢᠶᠠᠷ ᠢᠶᠠᠨ ︽ᠤᠯᠠᠭᠠᠨ ᠪᠢᠴᠢᠭ ᠤᠨ ᠪᠣᠭᠴᠣ︾ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ᠂ ᠢᠰᠡᠭᠡᠢ ᠤᠷᠠᠯᠢᠭ ᠵᠡᠷᠭᠡ ᠭᠠᠷ ᠤᠷᠠᠯᠠᠯ ᠤᠨ ᠪᠦᠲᠦᠭᠡᠭᠳᠡᠬᠦᠨ ᠵᠢᠴᠢ ︽ᠣᠬᠤᠷ ᠸᠢᠳᠢᠤ᠋ ᠪᠠᠷ ᠡᠪᠡᠰᠦ ᠲᠠᠷᠢᠵᠤ ᠰᠢᠭᠤᠳ ᠪᠣᠷᠣᠯᠠᠭᠤᠯᠬᠤ︾ ᠵᠡᠷᠭᠡ ᠡᠵᠡᠩᠨᠡᠨ ᠪᠣᠷᠣᠯᠠᠭᠤᠯᠬᠤ ᠵᠠᠭᠪᠤᠷ ᠢ ᠣᠶᠢᠯᠠᠭᠠᠪᠠ᠃      ᠳᠠᠷᠠᠭ᠎ᠠ ᠨᠢ᠂ ᠰᠤᠷᠤᠭᠴᠢᠳ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠦᠵᠡᠰᠬᠦᠯᠡᠩ ᠤᠨ ᠣᠷᠳᠣᠨ ᠳᠤ ᠬᠦᠷᠴᠦ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠲᠡᠤᠬᠡ ᠶᠢᠨ ᠤᠯᠠ ᠮᠥᠷ ᠢᠶᠠᠷ ᠮᠠᠨ ᠤ ᠤᠯᠤᠰ ᠤᠨ ᠠᠩᠬᠠᠳᠠᠭᠴᠢ ᠤᠯᠠᠭᠠᠨᠮᠥ᠋ᠴᠢᠷ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠨᠠᠷᠢᠨ ᠬᠢᠨᠠᠮᠠᠭᠠᠶ ᠰᠣᠨᠣᠰᠪᠠ᠃ ᠲᠣᠭᠤᠷᠢᠨ ᠦᠵᠡᠬᠦ ᠳᠤᠮᠳᠠ᠂ ᠤᠯᠠᠨ ᠢᠶᠠᠷ ᠢᠶᠠᠨ ᠭᠡᠷᠡᠯ ᠵᠢᠷᠤᠭ᠂ ᠸᠢᠳᠢᠣ᠋᠂ ᠲᠡᠦᠬᠡ ᠶᠢᠨ ᠦᠯᠡᠳᠡᠭᠳᠡᠯ ᠵᠡᠷᠭᠡ ᠶᠢ ᠦᠵᠡᠬᠦ ᠪᠠᠷ ᠳᠠᠮᠵᠢᠭᠤᠯᠵᠤ᠂ ᠤᠯᠠᠭᠠᠨᠮᠥ᠋ᠴᠢᠷ ᠤᠨ ᠭᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠷᠭᠢᠴᠡᠭᠦᠯᠵᠦ᠂ ᠤᠯᠠᠭᠠᠨᠮᠥ᠋ᠴᠢᠷ ᠢ ᠲᠡᠰᠪᠦᠷᠢ ᠬᠠᠲᠠᠭᠤᠵᠢᠯᠲᠠᠢ ᠨᠥᠬᠦᠴᠡᠯ ᠳᠣᠣᠷ᠎ᠠ ᠢᠮᠠᠭᠲᠠ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠬᠤᠪᠢᠰᠬᠠᠯ ᠤᠨ ᠵᠣᠷᠢᠭ ᠰᠠᠨᠠᠭ᠎ᠠ ᠶᠢ ᠣᠶᠢᠯᠠᠭᠠᠪᠠ᠃      ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠢᠭᠡᠳᠦᠭᠡᠷ 365 ᠠᠩᠭᠢ ᠶᠢᠨ ᠸᠧᠩ ᠶᠤᠸᠠᠢ ᠰᠢᠨ ᠬᠡᠯᠡᠬᠦ ᠳᠡᠭᠡᠨ᠄ ︽ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠣᠭᠤᠷᠢᠨ ᠦᠵᠡᠬᠦ ᠨᠢ ᠨᠠᠳᠠ ᠳᠤ ᠠᠪᠴᠤ ᠬᠡᠯᠡᠪᠡᠯ ᠨᠢᠭᠡ ᠤᠳᠠᠭᠠᠨ ᠤ ᠵᠣᠷᠢᠭ ᠰᠠᠨᠠᠭ᠎ᠠ ᠪᠣᠯᠤᠨ ᠰᠣᠶᠣᠯ ᠤᠨ ᠤᠬᠢᠶᠠᠯ ᠤᠨ ᠠᠶᠠᠯᠠᠯ ᠮᠥᠨ᠂ ᠨᠠᠳᠠ ᠳᠤ ᠳᠤᠮᠳᠠᠳᠤ ᠶᠢᠨ ᠡᠬᠡ ᠭᠠᠵᠠᠷ ᠤᠨ ᠣᠯᠠᠨ ᠡᠰᠢᠲᠦ ᠨᠢᠭᠡ ᠴᠣᠭᠴᠠᠵᠢᠭᠰᠠᠨ ᠦᠨᠳᠦᠰᠦᠲᠡᠨ ᠤ ᠲᠠᠲᠠᠬᠤ ᠬᠦᠴᠦᠨ ᠪᠠ ᠬᠦᠴᠦᠷᠬᠡᠭ ᠶᠡᠭᠡ ᠦᠨᠳᠦᠰᠦᠲᠡᠨ ᠤ ᠨᠢᠭᠲᠠᠷᠠᠯ ᠤᠨ ᠬᠦᠴᠦᠨ ᠢ ᠭᠦᠨ ᠭᠦᠨᠵᠡᠭᠡᠶ ᠣᠶᠢᠯᠠᠭᠠᠭᠤᠯᠤᠭᠰᠠᠨ ᠪᠠᠶᠢᠨ᠎ᠠ︾ ᠭᠡᠵᠡᠶ᠃      ᠨᠢᠭᠡ ᠳᠠᠯ᠎ᠠ ᠪᠠᠷ ᠵᠠᠮ ᠶᠠᠪᠤᠵᠤ᠂ ᠨᠢᠭᠡ ᠲᠠᠯ᠎ᠠ ᠪᠠᠷ ᠦᠵᠡᠵᠦ᠂ ᠨᠥᠭᠦᠭᠡ ᠲᠠᠯ᠎ᠠ ᠪᠠᠷ ᠰᠤᠷᠤᠯᠴᠠᠵᠤ᠂ ᠨᠥᠭᠦᠭᠡ ᠲᠠᠯ᠎ᠠ ᠪᠠᠷ ᠰᠣᠯᠢᠯᠴᠠᠵᠤ᠂ ᠪᠥᠬᠦ ᠬᠥᠮᠦᠰ ᠲᠤ ᠬᠦᠷᠲᠡᠭᠡᠪᠡ᠃ ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠨᠢᠭᠡ ᠤᠳᠠᠭᠠᠨ ᠤ ᠰᠣᠶᠣᠯ ᠤᠨ ᠨᠡᠪᠴᠢᠯᠲᠡ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠣᠶᠤᠨ ᠰᠠᠨᠠᠭᠠᠨ ᠤ ᠰᠠᠭᠤᠭᠳᠠᠯ ᠪᠣᠯᠤᠨ᠎ᠠ᠃ ᠬᠤᠪᠢᠰᠬᠠᠯᠲᠤ ᠰᠣᠶᠣᠯ ᠢ ᠭᠦᠨᠵᠡᠭᠡᠶ ᠪᠡᠶᠡᠴᠢᠯᠡᠨ ᠣᠶᠢᠯᠠᠭᠠᠬᠤ᠂ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠵᠤ᠂ ᠲᠡᠳᠡᠨ ᠢ ᠡᠭᠦᠷᠭᠡᠯᠡᠯ ᠲᠠᠢ᠂ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠴᠠᠭ ᠦᠶ᠎ᠡ ᠶᠢᠨ ᠵᠠᠯᠠᠭᠤᠴᠤᠳ ᠪᠣᠯᠭᠠᠨ ᠬᠥᠮᠦᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号