ᠡᠷᠢᠶᠡᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠯᠢᠳᠡᠭ ᠰᠣᠷᠣᠭᠴᠢ ᠶᠢᠨ ᠲᠥᠯᠥᠭᠡᠯᠡᠭᠴᠢ ᠰᠥᠨᠢᠳ ᠪᠠᠷᠠᠭᠤᠨ ᠬᠤᠰᠢᠭᠤᠨ ᠳᠤ ᠢᠷᠡᠵᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/31
     ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠲᠤ ᠬᠤᠪᠢᠰᠬᠠᠯ ᠤᠨ ᠰᠣᠶᠣᠯ ᠢ ᠮᠡᠳᠡᠷᠡᠭᠦᠯᠵᠦ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠳᠣᠯᠠᠳᠠ᠂ 10 ᠰᠠᠷ᠎ᠠ ᠶᠢᠨ 27 ᠤ ᠡᠳᠦᠷ᠂ ᠬᠤᠲᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠯᠢᠳᠡᠭ ᠰᠣᠷᠣᠭᠴᠢ ᠶᠢᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠰᠥᠨᠢᠳ ᠪᠠᠷᠠᠭᠤᠨ ᠬᠤᠰᠢᠭᠤᠨ ᠳᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃
    ᠰᠥᠨᠢᠳ ᠪᠠᠷᠠᠭᠤᠨ ᠬᠤᠰᠢᠭᠤᠨ ᠤ ᠰᠠᠩᠪᠤᠯᠠᠭ ᠰᠤᠮᠤᠨ ᠤ ᠪᠠᠶ᠋ᠬᠠᠭᠤᠯᠠ ᠭᠠᠴᠠᠭ᠎ᠠ ᠳᠤ᠂ ᠰᠤᠷᠤᠭᠴᠢᠳ ︽ᠤᠯᠠᠭᠠᠨ ᠪᠢᠴᠢᠭ︾ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠪᠡ᠃ ᠠᠵᠢᠯᠲᠠᠨ ᠤ ᠲᠠᠶᠢᠯᠤᠮᠵᠢ ᠶᠢ ᠰᠣᠨᠣᠰᠬᠤ᠂ ︽ᠤᠯᠠᠭᠠᠨ ᠪᠢᠴᠢᠭ ᠤᠨ ᠪᠣᠭᠴᠣ︾ ᠶᠢᠨ ᠤᠬᠠᠭᠤᠯᠭ᠎ᠠ ᠬᠥᠮᠦᠵᠢᠯ ᠤᠨ ᠹᠢᠯᠢᠮ ᠢ ᠦᠵᠡᠬᠦ᠂ ᠬᠤᠯᠪᠣᠭᠳᠠᠯ ᠪᠥᠬᠦᠶ ᠮᠠᠲ᠋ᠧᠷᠢᠶᠠᠯ ᠪᠣᠳᠠᠲᠤ ᠪᠣᠳᠠᠰ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠤᠯᠠᠭᠠᠨ ᠪᠢᠴᠢᠭ ᠤᠨ ᠪᠣᠭᠴᠣ︾ ᠶᠢᠨ ᠥᠯᠢᠭᠡᠷ ᠢ ᠣᠶᠢᠯᠠᠭᠠᠵᠤ᠂ ︽ᠤᠯᠠᠭᠠᠨ ᠪᠢᠴᠢᠭ ᠤᠨ ᠪᠣᠭᠴᠣ︾ ᠶᠢᠨ ᠬᠤᠪᠢᠰᠬᠠᠯ ᠤᠨ ᠭᠧᠨ ᠤ ᠠᠭᠤᠯᠤᠭᠳᠠᠬᠤᠨ ᠢ ᠭᠦᠨᠵᠡᠭᠡᠶ ᠤᠶᠢᠯᠠᠭᠠᠨ᠂ ︽ᠤᠯᠠᠭᠠᠨ ᠪᠢᠴᠢᠭ ᠤᠨ ᠪᠣᠭᠴᠣ︾ ᠳᠤ ᠠᠭᠤᠯᠤᠭᠳᠠᠵᠤ ᠪᠠᠶᠢᠭ᠎ᠠ ᠣᠶᠤᠨ ᠰᠠᠨᠠᠭᠠᠨ ᠤ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ ᠣᠶᠢᠯᠠᠭᠠᠪᠠ᠃
    ︽ᠤᠯᠠᠭᠠᠨ ᠪᠢᠴᠢᠭ ᠤᠨ ᠪᠣᠭᠴᠣ︾ ᠶᠢᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠥᠪ ᠲᠤ᠂ ᠤᠯᠠᠨ ᠢᠶᠠᠷ ᠢᠶᠠᠨ ︽ᠤᠯᠠᠭᠠᠨ ᠪᠢᠴᠢᠭ ᠤᠨ ᠪᠣᠭᠴᠣ︾ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ᠂ ᠢᠰᠡᠭᠡᠢ ᠤᠷᠠᠯᠢᠭ ᠵᠡᠷᠭᠡ ᠭᠠᠷ ᠤᠷᠠᠯᠠᠯ ᠤᠨ ᠪᠦᠲᠦᠭᠡᠭᠳᠡᠬᠦᠨ ᠵᠢᠴᠢ ︽ᠣᠬᠤᠷ ᠸᠢᠳᠢᠤ᠋ ᠪᠠᠷ ᠡᠪᠡᠰᠦ ᠲᠠᠷᠢᠵᠤ ᠰᠢᠭᠤᠳ ᠪᠣᠷᠣᠯᠠᠭᠤᠯᠬᠤ︾ ᠵᠡᠷᠭᠡ ᠡᠵᠡᠩᠨᠡᠨ ᠪᠣᠷᠣᠯᠠᠭᠤᠯᠬᠤ ᠵᠠᠭᠪᠤᠷ ᠢ ᠣᠶᠢᠯᠠᠭᠠᠪᠠ᠃      ᠳᠠᠷᠠᠭ᠎ᠠ ᠨᠢ᠂ ᠰᠤᠷᠤᠭᠴᠢᠳ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠦᠵᠡᠰᠬᠦᠯᠡᠩ ᠤᠨ ᠣᠷᠳᠣᠨ ᠳᠤ ᠬᠦᠷᠴᠦ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠲᠡᠤᠬᠡ ᠶᠢᠨ ᠤᠯᠠ ᠮᠥᠷ ᠢᠶᠠᠷ ᠮᠠᠨ ᠤ ᠤᠯᠤᠰ ᠤᠨ ᠠᠩᠬᠠᠳᠠᠭᠴᠢ ᠤᠯᠠᠭᠠᠨᠮᠥ᠋ᠴᠢᠷ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠨᠠᠷᠢᠨ ᠬᠢᠨᠠᠮᠠᠭᠠᠶ ᠰᠣᠨᠣᠰᠪᠠ ᠃ ᠲᠣᠭᠤᠷᠢᠨ ᠦᠵᠡᠬᠦ ᠳᠤᠮᠳᠠ᠂ ᠤᠯᠠᠨ ᠢᠶᠠᠷ ᠢᠶᠠᠨ ᠭᠡᠷᠡᠯ ᠵᠢᠷᠤᠭ᠂ ᠸᠢᠳᠢᠣ᠋᠂ ᠲᠡᠦᠬᠡ ᠶᠢᠨ ᠦᠯᠡᠳᠡᠭᠳᠡᠯ ᠵᠡᠷᠭᠡ ᠶᠢ ᠦᠵᠡᠬᠦ ᠪᠠᠷ ᠳᠠᠮᠵᠢᠭᠤᠯᠵᠤ᠂ ᠤᠯᠠᠭᠠᠨᠮᠥ᠋ᠴᠢᠷ ᠤᠨ ᠭᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠷᠭᠢᠴᠡᠭᠦᠯᠵᠦ᠂ ᠤᠯᠠᠭᠠᠨᠮᠥ᠋ᠴᠢᠷ ᠢ ᠲᠡᠰᠪᠦᠷᠢ ᠬᠠᠲᠠᠭᠤᠵᠢᠯᠲᠠᠢ ᠨᠥᠬᠦᠴᠡᠯ ᠳᠣᠣᠷ᠎ᠠ ᠢᠮᠠᠭᠲᠠ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠬᠤᠪᠢᠰᠬᠠᠯ ᠤᠨ ᠵᠣᠷᠢᠭ ᠰᠠᠨᠠᠭ᠎ᠠ ᠶᠢ ᠣᠶᠢᠯᠠᠭᠠᠪᠠ᠃      ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠢᠭᠡᠳᠦᠭᠡᠷ 365 ᠠᠩᠭᠢ ᠶᠢᠨ ᠸᠧᠩ ᠶᠤᠸᠠᠢ ᠰᠢᠨ ᠬᠡᠯᠡᠬᠦ ᠳᠡᠭᠡᠨ᠄ ︽ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠲᠣᠭᠤᠷᠢᠨ ᠦᠵᠡᠬᠦ ᠨᠢ ᠨᠠᠳᠠ ᠳᠤ ᠠᠪᠴᠤ ᠬᠡᠯᠡᠪᠡᠯ ᠨᠢᠭᠡ ᠤᠳᠠᠭᠠᠨ ᠤ ᠵᠣᠷᠢᠭ ᠰᠠᠨᠠᠭ᠎ᠠ ᠪᠣᠯᠤᠨ ᠰᠣᠶᠣᠯ ᠤᠨ ᠤᠬᠢᠶᠠᠯ ᠤᠨ ᠠᠶᠠᠯᠠᠯ ᠮᠥᠨ᠂ ᠨᠠᠳᠠ ᠳᠤ ᠳᠤᠮᠳᠠᠳᠤ ᠶᠢᠨ ᠡᠬᠡ ᠭᠠᠵᠠᠷ ᠤᠨ ᠣᠯᠠᠨ ᠡᠰᠢᠲᠦ ᠨᠢᠭᠡ ᠴᠣᠭᠴᠠᠵᠢᠭᠰᠠᠨ ᠦᠨᠳᠦᠰᠦᠲᠡᠨ ᠤ ᠲᠠᠲᠠᠬᠤ ᠬᠦᠴᠦᠨ ᠪᠠ ᠬᠦᠴᠦᠷᠬᠡᠭ ᠶᠡᠭᠡ ᠦᠨᠳᠦᠰᠦᠲᠡᠨ ᠤ ᠨᠢᠭᠲᠠᠷᠠᠯ ᠤᠨ ᠬᠦᠴᠦᠨ ᠢ ᠭᠦᠨ ᠭᠦᠨᠵᠡᠭᠡᠶ ᠣᠶᠢᠯᠠᠭᠠᠭᠤᠯᠤᠭᠰᠠᠨ ᠪᠠᠶᠢᠨ᠎ᠠ︾ ᠭᠡᠵᠡᠶ᠃      ᠨᠢᠭᠡ ᠳᠠᠯ᠎ᠠ ᠪᠠᠷ ᠵᠠᠮ ᠶᠠᠪᠤᠵᠤ᠂ ᠨᠢᠭᠡ ᠲᠠᠯ᠎ᠠ ᠪᠠᠷ ᠦᠵᠡᠵᠦ᠂ ᠨᠥᠭᠦᠭᠡ ᠲᠠᠯ᠎ᠠ ᠪᠠᠷ ᠰᠤᠷᠤᠯᠴᠠᠵᠤ᠂ ᠨᠥᠭᠦᠭᠡ ᠲᠠᠯ᠎ᠠ ᠪᠠᠷ ᠰᠣᠯᠢᠯᠴᠠᠵᠤ᠂ ᠪᠥᠬᠦ ᠬᠥᠮᠦᠰ ᠲᠤ ᠬᠦᠷᠲᠡᠭᠡᠪᠡ᠃ ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠨᠢᠭᠡ ᠤᠳᠠᠭᠠᠨ ᠤ ᠰᠣᠶᠣᠯ ᠤᠨ ᠨᠡᠪᠴᠢᠯᠲᠡ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠣᠶᠤᠨ ᠰᠠᠨᠠᠭᠠᠨ ᠤ ᠰᠠᠭᠤᠭᠳᠠᠯ ᠪᠣᠯᠤᠨ᠎ᠠ᠃ ᠬᠤᠪᠢᠰᠬᠠᠯᠲᠤ ᠰᠣᠶᠣᠯ ᠢ ᠭᠦᠨᠵᠡᠭᠡᠶ ᠪᠡᠶᠡᠴᠢᠯᠡᠨ ᠣᠶᠢᠯᠠᠭᠠᠬᠤ᠂ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠵᠤ᠂ ᠲᠡᠳᠡᠨ ᠢ ᠡᠭᠦᠷᠭᠡᠯᠡᠯ ᠲᠠᠢ᠂ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠴᠠᠭ ᠦᠶ᠎ᠡ ᠶᠢᠨ ᠵᠠᠯᠠᠭᠤᠴᠤᠳ ᠪᠣᠯᠭᠠᠨ ᠬᠥᠮᠦᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号