ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠦᠶ᠎ᠡ︕ ᠡᠷᠢᠶᠡᠨ ᠬᠤᠲᠠ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
     ᠠᠯᠲᠠᠨ ᠨᠠᠮᠤᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ ᠳᠤ ᠰᠣᠷᠭᠤᠭ ᠴᠡᠴᠡᠭ ᠰᠢᠳᠤᠷᠭᠤ ᠰᠦᠨᠡᠰᠦ ᠶᠢ ᠲᠣᠬᠤᠨᠢᠭᠤᠯᠤᠨ᠎ᠠ᠃ ᠵᠢᠯ ᠪᠦᠷᠢ ᠶᠢᠨ 9 ᠰᠠᠷ᠎ᠠ ᠶᠢᠨ 30 ᠤ ᠡᠳᠦᠷ ᠪᠣᠯ ᠮᠠᠨ ᠤ ᠤᠯᠤᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠤᠨ᠎ᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ ᠮᠠ ᠬᠠᠢ ᠲᠤᠤ ᠠᠯᠪᠠᠨ ᠲᠠᠬᠢᠯᠭ᠎ᠠ ᠶᠢᠨ ᠠᠵᠢᠯᠯᠠᠭ᠎ᠠ ᠶᠢ ᠡᠷᠬᠢᠯᠡᠪᠡ᠃
    ᠴᠡᠴᠡᠷᠯᠢᠭ ᠤᠨ ᠮᠣᠳᠣ ᠨᠣᠭᠤᠭᠠᠷᠠᠵᠤ᠂ ᠳᠤᠷᠠᠰᠬᠠᠯ ᠤᠨ ᠬᠥᠰᠢᠶ᠎ᠡ ᠰᠡᠬᠦ᠋ᠢᠨ ᠰᠦᠨᠳᠡᠷᠯᠡᠵᠦ᠂ ᠲᠤᠬᠠᠢ ᠶᠢᠨ ᠲᠠᠯᠠᠪᠠᠢ ᠲᠥᠪ ᠬᠢᠴᠢᠶᠡᠩᠭᠦᠢ ᠪᠠᠶᠢᠯ᠎ᠠ᠃ ᠪᠦᠬᠦ ᠬᠥᠮᠦᠰ ᠦᠷᠡᠭᠳᠡᠭᠰᠡᠨ ᠪᠠᠭᠠᠲᠤᠷ ᠢᠶᠠᠨ ᠪᠢᠰᠢᠷᠡᠨ ᠬᠦᠨᠳᠦᠳᠬᠡᠵᠦ ᠲᠥᠪ ᠵᠣᠭᠰᠣᠵᠤ᠂ ᠤᠯᠤᠰ ᠤᠨ ᠳᠠᠭᠤᠤ ᠶᠢ ᠬᠠᠩᠭᠢᠨᠠᠲᠠᠯ᠎ᠠ ᠳᠠᠭᠤᠯᠠᠬᠤ ᠶᠢᠨ ᠬᠠᠮᠲᠤ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠵᠤ᠂ ᠭᠦᠨ ᠬᠦᠨᠳᠦᠳᠬᠡᠯ ᠪᠠ ᠳᠤᠷᠠᠰᠤᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠢᠯᠡᠳᠬᠡᠵᠡᠢ᠃
     ᠰᠦᠷ ᠵᠢᠪᠬᠤᠯᠠᠩᠲᠤ ︽ᠬᠤᠸᠠᠷ ᠴᠡᠴᠡᠭ ᠬᠦᠷᠭᠡᠬᠦ ᠠᠶᠠᠰ︾ ᠢ ᠳᠠᠭᠠᠯᠳᠤᠨ᠂ ᠶᠣᠰᠣᠯᠠᠯ ᠤᠨ ᠴᠡᠷᠢᠭ ᠴᠡᠴᠡᠭᠲᠦ ᠰᠠᠭᠰᠤ ᠶᠢ ᠡᠷᠭᠦᠵᠦ᠂ ᠲᠥᠪ ᠠᠯᠬᠤᠭ᠎ᠠ ᠪᠠᠷ ᠤᠷᠤᠭᠰᠢᠯᠠᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠴᠡᠴᠡᠭᠲᠦ ᠰᠠᠭᠰᠤ ᠬᠦᠷᠭᠡᠵᠦ᠂ ᠬᠤᠵᠢᠮ ᠤᠨ ᠬᠥᠮᠥᠰ ᠤᠨ ᠭᠠᠰᠢᠭᠤᠳᠠᠯ ᠪᠠ ᠬᠦᠨᠳᠦᠳᠬᠡᠯ ᠢᠶᠠᠨ ᠦᠷᠡᠭᠳᠡᠭᠰᠡᠨ ᠪᠠᠭᠠᠲᠤᠷᠴᠤᠳ ᠲᠤ ᠳᠡᠪᠰᠢᠭᠦᠯᠪᠡ᠃      ᠸᠠᠩ ᠰᠠᠨ ᠱᠢ ᠥᠪᠡᠷ ᠤᠨ ᠭᠠᠷ ᠢᠶᠠᠷ ᠢᠶᠠᠨ ᠴᠡᠴᠡᠭᠲᠦ ᠰᠠᠭᠰᠤ ᠳᠡᠭᠡᠷᠡᠬᠢ ᠲᠣᠷᠭᠠᠨ ᠪᠦᠰᠡ ᠶᠢ ᠡᠮᠬᠢᠯᠡᠵᠦ᠂ ᠰᠣᠷᠭᠤᠭ ᠴᠡᠴᠡᠭ ᠢᠶᠠᠷ ᠰᠢᠳᠤᠷᠭᠤ ᠰᠦᠨᠡᠰᠦ ᠶᠢ ᠲᠣᠬᠤᠨᠢᠭᠤᠯᠤᠨ᠎ᠠ᠃ ᠳᠠᠷᠠᠭ᠎ᠠ ᠨᠢ᠂ ᠪᠦᠬᠦ ᠬᠥᠮᠦᠰ ᠳᠠᠷᠠᠭᠠᠯᠠᠨ ᠰᠣᠷᠭᠤᠭ ᠴᠡᠴᠡᠭ ᠬᠦᠷᠭᠡᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠪᠠᠷᠠᠯᠠᠪᠠ᠃
     ᠬᠤᠲᠠ ᠶᠢᠨ ᠰᠢᠭᠤᠳ ᠬᠠᠷᠢᠶ᠎ᠠ ᠬᠤᠲᠠ ᠳᠤ ᠰᠠᠭᠤᠭ᠎ᠠ ᠡᠯ᠎ᠡ ᠨᠢᠭᠡᠴᠡ ᠶᠢᠨ ᠲᠥᠯᠥᠭᠡᠯᠡᠭᠴᠢ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ᠂ ᠬᠤᠶᠠᠳᠤᠭᠠᠷ ᠳᠡᠰ ᠤᠨ ᠭᠠᠪᠢᠶ᠎ᠠ ᠵᠢᠴᠢ ᠲᠡᠭᠦᠨ ᠠᠴᠠ ᠳᠡᠭᠡᠭᠰᠢᠬᠢ ᠴᠡᠷᠢᠭ ᠠᠴᠠ ᠬᠠᠯᠠᠭᠳᠠᠭᠰᠠᠳ᠂ ᠪᠠᠶᠢᠯᠳᠤᠭᠠᠨ ᠳᠤ ᠣᠷᠣᠯᠴᠠᠭᠰᠠᠨ ᠠᠬᠠᠮᠠᠳ ᠪᠠᠶᠢᠯᠳᠤᠭᠴᠢ᠂ ᠪᠠᠭᠰᠢ ᠶᠢᠨ ᠲᠥᠯᠥᠭᠡᠯᠡᠭᠴᠢ᠂ ᠰᠣᠷᠣᠭᠴᠢ ᠶᠢᠨ ᠲᠥᠯᠥᠭᠡᠯᠡᠭᠴᠢ᠂ ᠣᠯᠠᠨ ᠲᠦᠮᠡᠨ ᠤ ᠲᠥᠯᠥᠭᠡᠯᠡᠭᠴᠢ ᠨᠡᠷ ᠨᠡᠶᠢᠲᠡ ᠶᠢᠨ ᠲᠠᠬᠢᠯᠭ᠎ᠠ ᠶᠢᠨ ᠡᠳᠦᠷ ᠤᠨ ᠠᠵᠢᠯᠯᠠᠭ᠎ᠠ ᠳᠤ ᠣᠷᠣᠯᠴᠠᠪᠠ᠃
    ᠦᠷᠡᠭᠳᠡᠭᠰᠡᠨ ᠪᠠᠭᠠᠲᠤᠷᠴᠤᠳ ᠢᠶᠠᠨ ᠪᠠᠲᠤ ᠴᠡᠭᠡᠵᠢᠯᠡᠬᠦ ᠪᠣᠯ ᠦᠶ᠎ᠡ ᠦᠶ᠎ᠡ ᠶᠢᠨ ᠬᠥᠮᠦᠨ ᠨᠢᠭᠡᠪᠦᠷᠢ ᠴᠥᠮ ᠮᠠᠷᠲᠠᠵᠤ ᠪᠣᠯᠬᠤ ᠦᠭᠡᠢ ᠲᠡᠦᠬᠡᠲᠦ ᠬᠠᠷᠢᠭᠤᠴᠠᠯᠭ᠎ᠠ ᠮᠥᠨ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠠᠯᠪᠠᠨ ᠲᠠᠬᠢᠯᠭ᠎ᠠ ᠶᠢᠨ ᠠᠵᠢᠯᠯᠠᠭ᠎ᠠ ᠨᠢ ᠥᠷᠭᠡᠨ ᠤᠯᠠᠨ ᠲᠦᠮᠡᠨ ᠤ ᠬᠤᠪᠢᠰᠬᠠᠯ ᠤᠨ ᠦᠷᠡᠭᠳᠡᠭᠰᠡᠨ ᠪᠠᠭᠠᠲᠤᠷ ᠪᠣᠯᠤᠨ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ ᠶᠢᠨ ᠲᠤᠬᠠᠢ ᠣᠶᠢᠯᠠᠭᠠᠯᠲᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠣᠭᠤᠮᠲᠠ ᠶᠢᠨ ᠠᠷᠠᠳ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠦᠷᠡᠭᠳᠡᠭᠰᠡᠨ ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠲᠡᠳᠡᠨ ᠤ ᠪᠠᠲᠤ ᠴᠢᠩᠭ᠎ᠠ ᠵᠣᠷᠢᠭ ᠰᠠᠨᠠᠭ᠎ᠠ ᠪᠣᠯᠤᠨ ᠦᠨᠡᠨᠴᠢ ᠰᠢᠳᠤᠷᠭᠤ ᠪᠠᠶᠢᠬᠤ ᠵᠣᠷᠢᠭ ᠰᠠᠨᠠᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠳᠤᠮᠳᠠ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠰᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ ᠳᠤᠮᠳᠠ ᠵᠠᠮ ᠨᠡᠭᠡᠭᠡᠨ ᠤᠷᠤᠭᠰᠢᠯᠠᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠡᠭᠦᠳᠬᠦ ᠶᠢᠨ ᠲᠥᠯᠥᠭᠡ ᠴᠢᠷᠮᠠᠶᠢᠨ ᠲᠡᠮᠡᠴᠡᠬᠦ ᠶᠢ ᠬᠦᠳᠦᠯᠦᠨ ᠵᠢᠯᠣᠭᠤᠳᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号