【 ᠪᠢ ᠣᠯᠠᠨ ᠲᠦᠮᠡᠨ ᠳᠤ ᠪᠣᠳᠠᠲᠠᠢ ᠠᠵᠢᠯ ᠬᠢᠨ᠎ᠡ 】 ᠪᠡᠶ᠎ᠡ ᠶᠢ ᠳᠣᠯᠠᠭᠠᠴᠠᠭᠤᠯᠣᠨ᠎ᠠ ᠨᠠᠩ ᠰᠡᠳᠬᠢᠯ ᠢ ᠳᠤᠯᠠᠭᠠᠴᠠᠭᠤᠯᠤᠨ᠎ᠠ︕  ᠡᠷᠢᠶᠡᠨ ᠬᠤᠲᠠ 1600 ᠲᠣᠨ ︽ᠬᠠᠶᠢᠷ᠎ᠡ ᠬᠠᠯᠠᠮᠵᠢ ᠶᠢᠨ ᠨᠡᠭᠦᠷᠡᠰᠦ︾ ᠶᠢ ᠡᠮᠬᠢ ᠵᠢᠷᠤᠮ ᠲᠠᠢ ᠪᠠᠷ ᠲᠠᠷᠬᠠᠭᠠᠪᠠ
ᠨᠡᠶᠢᠲᠡᠯᠡᠭᠰᠡᠨ ᠴᠠᠭ᠄
2024/10/8
     ᠡᠪᠦᠯ ᠤᠨ ᠤᠯᠠᠷᠢᠯ ᠤᠨ ᠤᠯᠠᠨ ᠲᠦᠮᠡᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠪᠣᠯ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠶᠡᠭᠡ ᠶᠠᠪᠤᠳᠠᠯ ᠮᠥᠨ᠃ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠨᠡᠭᠦᠷᠡᠰᠦ ᠰᠢᠲᠠᠭᠠᠬᠤ ᠶᠢ ᠪᠠᠲᠤᠯᠠᠬᠤ ᠶᠢᠨ ᠳᠣᠯᠠᠳᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠣᠯᠠᠨ ᠠᠷᠭ᠎ᠠ ᠵᠠᠮ ᠢᠶᠠᠷ ᠨᠡᠭᠦᠷᠡᠰᠦᠨ ᠤ ᠢᠷᠡᠯᠲᠡ ᠶᠢ ᠨᠠᠶᠢᠳᠠᠪᠤᠷᠢᠵᠢᠭᠤᠯᠤᠨ᠂ ᠬᠤᠲᠠ ᠶᠢᠨ ᠭᠡᠷᠡᠯᠳᠣᠠᠣᠳᠣ  ᠰᠣᠮᠣᠨ ᠤ 780 ᠮᠠᠯᠴᠢᠨ ᠲᠠᠷᠢᠶᠠᠴᠢᠨ ᠳᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠪᠠ
     10 ᠰᠠᠷ᠎ᠠ ᠶᠢᠨ 3 ᠤ ᠡᠳᠦᠷ᠂ ᠰᠤᠷᠪᠤᠯᠵᠢᠯᠠᠭᠴᠢ ᠠᠴᠠ᠂ ᠮᠠᠯᠴᠢᠳ ᠠᠯᠢ ᠡᠷᠲᠡ ︽ᠳᠤᠯᠠᠭᠠᠨ ᠨᠡᠭᠦᠷᠡᠰᠦ︾ ᠲᠠᠷᠬᠠᠭᠠᠬᠤ ᠴᠡᠭ ᠲᠤ ᠬᠦᠷᠴᠦ ᠢᠷᠡᠭᠰᠡᠨ ᠢ ᠣᠯᠵᠤ ᠬᠠᠷᠠᠵᠠᠢ᠃ ᠭᠠᠷ ᠤᠨ ᠦᠰᠦᠭ ᠵᠢᠷᠤᠬᠤ᠂ ᠢᠯᠭᠠᠨ ᠲᠠᠨᠢᠬᠤ᠂ ᠵᠢᠩᠨᠡᠬᠦ ᠶᠢ ᠥᠩᠭᠡᠷᠡᠭᠡᠭᠰᠡᠨ ᠤ ᠳᠠᠷᠠᠭ᠎ᠠ᠂ ᠨᠡᠭᠦᠷᠡᠰᠦ ᠣᠯᠣᠭᠰᠠᠨ ᠮᠠᠯᠴᠢᠳ ᠲᠡᠷᠭᠡ ᠪᠠᠨ ᠵᠢᠯᠣᠭᠤᠳᠴᠤ ᠭᠡᠷ ᠵᠦᠭ ᠢᠶᠠᠨ ᠶᠠᠪᠤᠵᠠᠢ᠃      ᠪᠥᠬᠦ ᠬᠤᠲᠠ ᠶᠢᠨ ᠮᠠᠯᠴᠢᠨ ᠲᠠᠷᠢᠶᠠᠴᠢᠨ ᠲᠦᠮᠡᠨ ᠤ ︽ᠰᠢᠳᠠᠭᠠᠯᠭ᠎ᠠ ᠶᠢᠨ ᠨᠡᠭᠦᠷᠡᠰᠦ ᠲᠠᠢ︾᠂ ︽ᠬᠤᠳᠠᠯᠳᠤᠨ ᠠᠪᠴᠤ ᠳᠡᠶᠢᠯᠬᠦ︾ ᠶᠢ ᠪᠠᠲᠤᠯᠠᠬᠤ ᠶᠢᠨ ᠳᠣᠯᠠᠳᠠ᠂ ᠣᠶᠢᠷ᠎ᠠ ᠶᠢᠨ ᠡᠳᠦᠷ ᠤᠳ ᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠬᠠᠩᠭᠠᠬᠤ ᠶᠣᠰᠣᠲᠠᠶ ᠶᠢ ᠨᠢ ᠴᠥᠮ ᠬᠠᠩᠭᠠᠬᠤ ᠵᠠᠷᠴᠢᠮ ᠶᠣᠰᠣᠭᠠᠷ᠂ ᠨᠡᠭᠦᠷᠡᠰᠦ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠷᠢᠳᠬᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠲᠥᠰᠦᠯ ᠲᠣᠭᠲᠠᠭᠠᠵᠤ᠂ ᠲᠤᠰᠬᠠᠶ ᠬᠥᠮᠦᠨ ᠲᠣᠮᠢᠯᠠᠨ ᠪᠥᠬᠦ ᠶᠠᠪᠤᠴᠠ ᠳᠤ ᠮᠥᠷᠳᠡᠨ ᠳᠠᠭᠠᠵᠤ᠂ ᠠᠵᠢᠯ ᠤᠨ ᠲᠣᠬᠢᠷᠠᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠴᠠᠭ ᠲᠤᠬᠠᠶ ᠳᠤᠨᠢ ᠡᠷᠦᠬᠡ ᠳᠤ ᠣᠯᠭᠤᠬᠤ ᠶᠢ ᠪᠠᠲᠤᠯᠠᠪᠠ᠃
    ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠪᠣᠯ ᠮᠠᠨ ᠤ ᠬᠤᠲᠠ ᠶᠢᠨ ᠣᠯᠠᠨ ᠵᠢᠯ ᠤᠨ ᠲᠤᠷᠰᠢᠬᠢ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠪᠠᠰᠠ ᠴᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠃ ᠡᠨᠡ ᠵᠢᠯ ᠮᠠᠨ ᠤ ᠬᠤᠲᠠ ᠲᠣᠨ ᠪᠦᠷᠢ 720 ᠲᠥᠭᠦᠷᠢᠭ᠂ ᠡᠷᠦᠬᠡ ᠪᠦᠷᠢ 2 ᠲᠣᠨ ᠪᠠᠷᠢᠮᠵᠢᠶ᠎ᠠ ᠪᠠᠷ ᠪᠥᠬᠦ ᠬᠤᠲᠠ ᠶᠢᠨ 780 ᠮᠠᠯᠴᠢᠨ ᠲᠠᠷᠢᠶᠠᠴᠢᠨ ᠳᠤ 1600 ᠲᠣᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠨᠡᠭᠦᠷᠡᠰᠦ ᠬᠠᠩᠭᠠᠵᠤ᠂ ᠮᠠᠯᠴᠢᠨ ᠲᠠᠷᠢᠶᠠᠴᠢᠨ ᠤ ᠳᠤᠯᠠᠭᠠᠨ ᠡᠪᠦᠯᠵᠢᠬᠦ ᠶᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号